︽ᠢᠯᠡ ᠲᠣᠳᠣ᠂ ᠡᠷᠬᠡ ᠲᠡᠭᠰᠢ᠂ ᠲᠥᠪ ᠭᠤᠤᠯᠴᠢ︾ ᠪᠠᠶᠢᠬᠤ ᠵᠠᠷᠴᠢᠮ ᠶᠣᠰᠣᠭᠠᠷ᠂ ᠮᠠᠨ ᠤ ᠲᠥᠪ ᠠᠴᠠ | ᠬᠢᠩᠭᠠᠨ ᠤ ᠤᠰᠤᠨ ᠰᠢᠨᠵᠢᠯᠡᠭᠡᠨ ᠤ ᠲᠣᠭᠤᠷᠢᠨ ᠬᠡᠮᠵᠢᠬᠦ ᠰᠠᠭᠤᠷᠢᠨ ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠬᠦ | ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠢᠯᠡ ᠪᠠᠷ | ᠬᠠᠷᠢᠴᠠᠭᠤᠯᠤᠨ ᠰᠣᠩᠭᠤᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ | ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | | ᠨᠢᠭᠡ᠂ ᠲᠥᠷᠥᠯ ᠵᠦᠶᠯ ᠤᠨ ᠲᠣᠶᠢᠮᠣᠴᠢᠯᠠᠯ | 1. ᠲᠥᠷᠥᠯ ᠵᠦᠶᠯ ᠤᠨ ᠨᠡᠷᠡᠶᠢᠳᠦᠯ᠄ ᠬᠢᠩᠭᠠᠨ ᠤ ᠤᠰᠤᠨ ᠰᠢᠨᠵᠢᠯᠡᠭᠡᠨ ᠤᠲ᠋ᠣᠭᠤᠷᠢᠨ ᠬᠡᠮᠵᠢᠬᠦ ᠰᠠᠭᠤᠷᠢᠨ | ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠶᠯ | 2. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠨᠢᠭᠡᠨ ᠤᠰᠤᠨ ᠰᠢᠨᠵᠢᠯᠡᠭᠡᠨ ᠤ ᠲᠣᠭᠤᠷᠢᠨ ᠬᠡᠮᠵᠢᠬᠦ | ᠰᠠᠭᠤᠷᠢᠨ ᠭᠠᠵᠠᠷ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 3.ᠪᠡᠯᠡ ᠣᠷᠤᠯᠠᠭᠤᠯᠤᠯᠲᠠ ᠶᠢᠨ ᠪᠠᠶᠢᠳᠠᠯ᠄ ᠶᠡᠷᠦᠩᠬᠡᠢ ᠪᠡᠯᠡ ᠣᠷᠤᠯᠠᠭᠤᠯᠤᠯᠲᠠ784.9 ᠲᠦᠮᠡᠨ | ᠲᠥᠭᠦᠷᠢᠭ᠃ | 4. ᠪᠡᠶᠡᠯᠡᠭᠦᠯᠬᠦ ᠴᠠᠭ ᠪᠠ ᠭᠠᠵᠠᠷ᠄ 2023 ᠣᠨ᠂ ᠬᠢᠩᠭᠠᠨ ᠠᠶᠢᠮᠠᠭ᠃ | 5. ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠲᠠᠪᠴᠠᠩ᠄ ᠥᠪᠥᠷ ᠮᠣᠩᠭᠤᠯ ᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ | | ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠣᠷᠣᠯᠠᠬᠤ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ | ᠪᠦᠷᠢᠳᠬᠡᠭᠦᠯᠦᠨ ᠳᠠᠩᠰᠠᠯᠠᠭᠤᠯᠬᠤ ᠬᠡᠷᠡᠭᠲᠡᠶ᠃ | 2. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠭᠤᠯᠤᠮᠵᠢ᠂ ᠡᠷᠬᠡᠪᠰᠢ ᠰᠠᠶᠢᠨ | ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ᠂ ᠭᠦᠢᠴᠡᠳ ᠭᠡᠷ᠎ᠡ ᠶᠢ | ᠭᠦᠢᠴᠡᠳᠬᠡᠬᠦ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠬᠡᠷᠡᠭᠲᠡᠶ᠃ | 3.ᠭᠡᠷ᠎ᠡ ᠶᠢ ᠭᠦᠢᠴᠡᠳᠬᠡᠬᠦ ᠲᠤᠰᠬᠠᠢ ᠮᠡᠷᠭᠡᠵᠢᠯ ᠤᠨ ᠲᠥᠬᠦᠭᠡᠷᠡᠮᠵᠢ ᠵᠢᠴᠢ ᠲᠠᠯᠠᠪᠤᠷ ᠤᠨ ᠭᠡᠷᠡᠴᠢ | ᠮᠠᠲ᠋ᠧᠷᠢᠶᠠᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | | ᠭᠤᠷᠪᠠ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ | 1.ᠨᠡᠷ᠎ᠡ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠡᠬᠡ᠂ ᠬᠠᠭᠤᠯᠪᠤᠷᠢ ᠮᠠᠲ᠋ᠧᠷᠢᠶᠠᠯ ᠪᠠ ᠬᠠᠷᠢᠯᠴᠠᠬᠤ | ᠠᠷᠭ᠎ᠠ ᠪᠠᠨ ᠬᠠᠩᠭᠠᠨ᠎ᠠ᠃ | 2.ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ | ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ᠃ | 3.ᠤᠯᠤᠰ ᠤᠨ ᠠᠵᠤ ᠦᠶᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠶᠢᠨ ᠣᠨ ᠤ ᠪᠠᠶᠢᠴᠠᠭᠠᠯᠲᠠ ᠳᠤ | ᠬᠢᠷᠢ ᠲᠡᠩᠴᠡᠭᠰᠡᠨ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃ | 4. ᠣᠶᠢᠷ᠎ᠠ ᠶᠢᠨ ᠬᠠᠭᠠᠰ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠭᠤᠷᠪᠠᠨ ᠰᠠᠷ᠎ᠠ | ᠳᠠᠷᠠᠭᠠᠯᠠᠨ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ᠂ ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ | ᠭᠠᠶᠢᠯᠢ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃ | 5. 2022 ᠣᠨ ᠪᠤᠶᠤ 2021 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ | ᠬᠡᠷᠡᠭ ᠡᠷᠬᠢᠯᠡᠬᠦ ᠭᠠᠵᠠᠷ ᠠᠴᠠ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ | ᠲᠠᠩᠰᠠᠨ ᠡᠷᠦᠬᠡ ᠪᠠᠶᠢᠭᠤᠯᠤᠭᠰᠠᠨ ᠪᠠᠩᠬᠢ ᠠᠴᠠ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ ᠶᠢ ᠬᠠᠩᠭᠠᠨ᠎ᠠ᠃ | | 6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ | ᠶᠢᠨ ᠣᠷᠣᠯᠠᠬᠤ ᠪᠠᠶᠢᠭᠤᠯᠤᠮᠵᠢ ᠳᠤ ᠲᠡᠮᠳᠡᠭᠯᠡᠭᠦᠯᠦᠨ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ | ᠢ ᠬᠠᠩᠭᠠᠬᠤ ᠬᠡᠷᠡᠭᠲᠡᠶ᠃ | 7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠶᠢᠨ | ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ ᠪᠣᠯᠤᠨ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ | ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠵᠢᠷᠤᠭ ᠵᠢᠴᠢ ︽ᠳᠤᠮᠳᠠᠳᠤ ᠤᠯᠤᠰ | ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www.ccgp.gov.cn︶ ᠶᠢᠨ ᠵᠠᠰᠠᠭ | ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ | ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠲᠡᠮᠳᠡᠭᠯᠡᠯ ᠤᠨ ᠵᠢᠷᠤᠭ ᠢ ᠬᠠᠩᠭᠠᠨ᠎ᠠ᠃ | 8. ᠳᠤᠮᠳᠠᠳᠤ ᠤᠯᠤᠰ ᠤᠨ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ ᠶᠢᠨ ᠨᠡᠷ᠎ᠡ | ᠮᠡᠳᠡᠭᠦᠯᠦᠭᠰᠡᠨ ᠵᠢᠷᠤᠭ ᠠᠴᠠ ᠦᠵᠡᠪᠡᠯ ᠣᠶᠢᠷ᠎ᠠ ᠶᠢᠨ ᠭᠤᠷᠪᠠᠨ ᠵᠢᠯ ︵2020 ᠣᠨ ᠤ 1 ᠰᠠᠷ᠎ᠠ ᠶᠢᠨ 1 ᠤ | ᠡᠳᠦᠷ ᠠᠴᠠ ᠣᠲᠣ ᠪᠣᠯᠲᠠᠯ᠎ᠠ ᠬᠢ︶ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠬᠢᠭᠰᠡᠨ ᠲᠡᠮᠳᠡᠭᠯᠡᠯ ᠤᠨ ᠵᠢᠷᠤᠭ | ᠪᠠᠶᠢᠬᠤ ᠥᠬᠡᠶ᠃ | | ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ 2023 ᠣᠨ ᠤ 3 ᠳ᠋ᠤᠭᠠᠷ | ᠰᠠᠷ᠎ᠠ ᠶᠢᠨ 21 ᠤ ᠡᠳᠦᠷ ᠠᠴᠠ ᠡᠮᠦᠨ᠎ᠡ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠢᠯᠡᠭᠡᠬᠦ ᠪᠤᠶᠤ ᠲᠤᠬᠠᠢ ᠶᠢᠨ | ᠲᠠᠯᠠᠪᠤᠷ ᠲᠤ ᠲᠤᠰᠢᠶᠠᠨ᠎ᠠ᠃ | ᠨᠡᠷ᠎ᠡ ᠮᠡᠳᠡᠭᠦᠯᠬᠦ ᠪᠤᠶᠤ ᠮᠠᠲ᠋ᠧᠷᠢᠶᠠᠯ ᠢᠶᠠᠨ ᠢᠯᠡᠭᠡᠬᠦ ᠬᠠᠶ᠋ᠢᠭ᠄ ᠥᠪᠥᠷ ᠮᠣᠩᠭᠤᠯ ᠤᠨ ᠤᠯᠠᠭᠠᠨᠬᠤᠲᠠ ᠶᠢᠨ | ᠱᠠᠨ ᠴᠧᠩ ᠵᠠᠮ ᠤᠨ ᠱᠦᠢ ᠸᠧᠨ ᠭᠤᠳᠤᠮᠵᠢ ᠶᠢᠨ 15 ᠳ᠋ᠤᠭᠠᠷ ᠤᠰᠤᠨ ᠰᠢᠨᠵᠢᠯᠡᠭᠡᠨ ᠤᠰᠤᠨ ᠤ ᠡᠬᠢ | ᠰᠤᠷᠪᠤᠯᠵᠢ ᠶᠢᠨ ᠬᠢᠩᠭᠠᠨ ᠳᠠᠬᠢ ᠬᠤᠪᠢᠶᠠᠷᠢ ᠲᠥᠪ | ᠬᠠᠷᠢᠯᠴᠠᠬᠤ ᠬᠥᠮᠦᠨ᠄ ᠰᠢᠣᠢ ᠵᠣᠣ ᠵᠢᠶᠦ᠋ᠨ | ᠬᠠᠷᠢᠯᠴᠠᠬᠤ ᠤᠲᠠᠰᠤ᠄187 0489 1936 | |