1. ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶᠠᠨ ᠤ | ᠱᠦᠵᠢ᠂ ᠵᠠᠯᠠᠭᠤᠴᠤᠳ ᠤᠨ ᠠᠵᠢᠯ ᠤᠨ ᠵᠥᠪᠯᠡᠯ ᠤᠨ ᠡᠷᠬᠢᠯᠡᠭᠴᠢ ᠯᠢᠦ ᠶᠠᠨ ᠽᠦᠩ | ᠡᠨᠡ ᠵᠢᠯ ᠬᠤᠷᠠᠯᠳᠤᠭᠰᠠᠨ ᠪᠦᠬᠦ ᠤᠯᠤᠰ ᠤᠨ ︽ᠬᠤᠶᠠᠷ ᠬᠤᠷᠠᠯ︾ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠳᠠᠷᠠᠭ᠎ᠠ ᠬᠤᠷᠠᠯᠳᠤᠭᠤᠯᠤᠭᠰᠠᠨ ᠠᠩᠬᠠᠳᠤᠭᠠᠷ ᠤᠳᠠᠭᠠᠨ ᠤ ᠪᠦᠬᠦ ᠤᠯᠤᠰ ᠤᠨ ︽ᠬᠤᠶᠠᠷ ᠬᠤᠷᠠᠯ︾ | ᠶᠤᠮ᠂ ᠮᠥᠨ ᠴᠦ ᠨᠢᠭᠡ ᠤᠳᠠᠭᠠᠨ ᠤ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠢ ᠪᠠᠷᠢᠮᠲᠠᠯᠠᠭᠰᠠᠨ᠂ | ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ ᠮᠦᠨ᠃ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠪᠦᠷᠢᠨ | ᠪᠢᠯᠧᠲ ᠢᠶᠠᠷ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ | ᠳᠠᠬᠢᠨᠲᠠ ᠰᠣᠩᠭᠤᠭᠳᠠᠭᠰᠠᠨ ᠨᠢ ᠠᠷᠠᠳ ᠲᠦᠮᠡᠨ ᠶᠡᠷᠦᠩᠬᠡᠢ ᠱᠦᠵᠢ ᠰᠢ ᠶᠢᠨ ᠫᠢᠩ ᠢ ᠴᠢᠩ ᠰᠡᠳᠬᠢᠯ ᠠᠴᠠ ᠪᠠᠨ | ᠬᠦᠷᠢᠶᠡᠯᠡᠵᠦ ᠪᠠᠶᠢᠬᠤ ᠪᠠ ᠬᠠᠶᠢᠷᠠᠯᠠᠨ ᠬᠦᠨᠳᠦᠳᠬᠡᠵᠦ ᠪᠠᠶᠢᠬᠤ ᠶᠢ ᠭᠦᠢᠴᠡᠳ ᠢᠯᠡᠳᠭᠡᠵᠦ᠂ ᠮᠠᠨ ᠤ ᠨᠠᠮ ᠪᠣᠯᠤᠨ | ᠤᠯᠤᠰ ᠤᠨ ᠬᠦᠴᠦᠷᠬᠡᠭ ᠶᠡᠭᠡ ᠨᠢᠭᠲᠠᠷᠠᠯ ᠤᠨ ᠬᠦᠴᠦᠨ᠂ ᠲᠥᠪᠯᠡᠷᠡᠩᠭᠦᠢ ᠬᠦᠴᠦᠨ ᠪᠤᠯᠤᠨ ᠪᠦᠬᠦ ᠨᠠᠮ ᠪᠦᠬᠦ | ᠤᠯᠤᠰ ᠤᠨ ᠠᠷᠠᠳ ᠲᠦᠮᠡᠨ ᠢ ᠬᠦᠳᠦᠯᠥᠨ ᠳᠠᠭᠠᠭᠤᠯᠵᠤ ᠰᠢᠨ᠎ᠡ ᠴᠠᠭ ᠦᠶ᠎ᠡ ᠳᠤ ᠨᠠᠮ ᠪᠣᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠬᠦ ᠶᠢ ᠭᠦᠢᠴᠡᠳ ᠬᠠᠷᠠᠭᠤᠯᠵᠤ ᠪᠤᠢ᠃ | ᠤᠰᠤᠨ ᠠᠰᠢᠭᠯᠠᠯᠲᠠ ᠶᠢᠨ ᠰᠢᠰᠲ᠋ᠧᠮ ᠤᠨ ᠡᠪᠯᠡᠯ ᠤᠨ ᠺᠠᠳ᠋ᠷ ᠪᠣᠯᠤᠭᠰᠠᠨ ᠤ ᠬᠤᠪᠢ ᠳᠤ ᠪᠥᠬᠦ ᠤᠯᠤᠰ ᠤᠨ ︽ | ᠬᠤᠶᠠᠷ ᠬᠤᠷᠠᠯ︾ ᠤᠨ ᠵᠣᠷᠢᠭ ᠰᠠᠨᠠᠭ᠎ᠠ ᠠᠴᠠ ᠤᠷᠤᠭᠰᠢᠯᠠᠨ ᠳᠠᠪᠰᠢᠬᠤ ᠬᠦᠴᠦᠨ ᠴᠢᠳᠠᠯ ᠣᠯᠵᠤ᠂ ︽ᠲᠠᠪᠤᠨ | ᠶᠡᠭᠡ ᠡᠭᠦᠷᠭᠡ︾ ᠶᠢ ᠪᠡᠶᠡᠯᠡᠭᠦᠯᠬᠦ ᠳᠤ ᠤᠰᠤᠨ ᠤ ᠠᠮᠤᠷ ᠲᠦᠪᠰᠢᠨ ᠤ ᠬᠦᠴᠦᠲᠡᠶ ᠪᠠᠲᠤᠯᠠᠭ᠎ᠠ ᠬᠠᠩᠭᠠᠬᠤ ᠪᠠᠷ | ᠭᠤᠤᠯᠳᠠᠭᠤᠯᠵᠤ᠂ ᠵᠠᠯᠠᠭᠤᠴᠤᠳ ᠢ ᠬᠥᠲᠥᠯᠥᠨ ᠨᠢᠭᠲᠠᠷᠠᠭᠤᠯᠬᠤ᠂ ᠵᠠᠯᠠᠭᠤᠴᠤᠳ ᠢ ᠵᠣᠬᠢᠶᠠᠨ ᠪᠠᠶᠢᠭᠤᠯᠤᠨ | ᠳᠠᠶᠢᠴᠢᠯᠠᠬᠤ᠂ ᠵᠠᠯᠠᠭᠤᠴᠤᠳ ᠲᠠᠢ ᠬᠠᠷᠢᠯᠴᠠᠵᠤ ᠵᠠᠯᠠᠭᠤᠴᠤᠳ ᠲᠤ ᠦᠶᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠰᠠᠶᠢᠲᠤᠷ ᠭᠦᠶᠴᠡᠳᠬᠡᠵᠦ᠂ ᠥᠷᠭᠡᠨ ᠣᠯᠠᠨ ᠤᠰᠤᠨ ᠠᠰᠢᠭᠯᠠᠯᠲᠠ ᠶᠢᠨ ᠵᠠᠯᠠᠭᠤᠴᠤᠳ ᠢ ᠬᠥᠲᠥᠯᠥᠨ | ᠵᠢᠯᠣᠭᠤᠳᠴᠤ ᠠᠴᠢ ᠡᠨᠡᠷᠢᠯ ᠳᠤ ᠲᠠᠯᠠᠷᠬᠠᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠰᠢᠨ᠎ᠡ ᠨᠢᠭᠡᠨ ᠱᠠᠲᠤᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠬᠦᠨ᠎ᠡ᠃ | 2 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ | ᠬᠠᠲᠠᠭᠤ | ᠬᠥᠭᠵᠢᠯ ᠪᠠᠳᠠᠷᠠᠯ ᠲᠠᠢ ᠴᠠᠭ ᠮᠥᠴᠡ ᠳᠤ ᠮᠡᠨᠳᠦᠯᠡᠭᠰᠡᠨ ᠢ ᠪᠡᠯᠭᠡᠯᠡᠵᠦ᠂ ᠪᠦᠬᠦ ᠠᠷᠠᠳ ᠢᠶᠠᠷ ᠢᠶᠠᠨ ᠰᠢᠨ᠎ᠡ | ᠠᠮᠢᠳᠤᠷᠠᠯ ᠵᠦᠭ ᠤᠷᠤᠭᠰᠢᠯᠠᠵᠤ᠂ ᠤᠯᠤᠰ ᠤᠨ ᠬᠦᠴᠦᠨ ᠬᠦᠴᠦᠷᠬᠡᠭᠵᠢᠨ ᠮᠠᠨᠳᠤᠵᠤ᠂ ᠬᠤᠶᠠᠷ ᠬᠤᠷᠠᠯ ᠰᠢᠨ᠎ᠡ | ᠬᠥᠭᠵᠢᠯᠲᠡ ᠶᠢ ᠳᠠᠬᠢᠨ ᠡᠷᠢᠯᠬᠢᠯᠡᠪᠡ᠃ 2023 ᠣᠨ ᠤ ᠪᠦᠬᠦ ᠤᠯᠤᠰ ᠤᠨ ︽ᠬᠤᠶᠠᠷ ᠬᠤᠷᠠᠯ︾ ᠨᠢ ᠬᠥᠮᠦᠰ ᠢ | ᠤᠷᠮᠠᠰᠢᠭᠤᠯᠤᠨ ᠵᠣᠷᠢᠭᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠡᠷᠴᠢ ᠵᠣᠷᠢᠭ ᠢ | ᠬᠦᠪᠴᠢᠯᠡᠵᠦ ᠪᠠᠶᠢᠨ᠎ᠠ᠃ ᠨᠠᠮ ᠤᠨ ᠠᠵᠢᠯ ᠤᠨ ᠠᠵᠢᠯᠳᠠᠨ ᠪᠣᠯᠤᠭᠰᠠᠨ ᠤ ᠬᠤᠪᠢ ᠳᠤ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠨᠠᠮ ᠤᠨ ᠭᠡᠰᠢᠭᠦᠨ ᠤ | ᠤᠨᠤᠯ ᠤᠨ ᠰᠤᠷᠤᠯᠴᠠᠯᠭ᠎ᠠ ᠶᠢᠨ ᠰᠠᠶᠢᠨ ︽ᠵᠢᠭᠠᠨ ᠵᠢᠯᠤᠭᠤᠳᠤᠬᠴᠢ︾ ᠪᠣᠯᠬᠤ ᠪᠠᠷ ᠴᠢᠷᠮᠠᠶᠢᠨ᠎ᠠ︔ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠤᠨ ᠭᠡᠰᠢᠭᠦᠨ ᠤᠯᠠᠨ ᠲᠦᠮᠡᠨ ᠤ ᠰᠠᠶᠢᠨ ︽ | ᠦᠢᠯᠡᠴᠢᠯᠡᠭᠴᠢ︾ ᠪᠣᠯᠣᠨ᠎ᠠ︔ ᠭᠤᠤᠯᠳᠠᠯᠭ᠎ᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ | ᠠᠬᠢᠭᠤᠯᠬᠤ ︽ᠬᠤᠰᠢᠭᠤᠴᠢ︾ ᠪᠣᠯᠵᠣ᠂ ᠪᠣᠳᠠᠲᠠᠶ ᠶᠢ ᠡᠷᠬᠢᠮᠯᠡᠨ ᠲᠥᠪ ᠴᠢᠬᠡᠴᠢ ᠪᠠᠶᠢᠬᠤ ᠰᠤᠷᠲᠠᠯ ᠪᠠ ᠬᠦᠴᠦᠯᠡᠨ | ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠪᠠᠶᠢᠳᠠᠯ ᠢᠶᠠᠷ ᠠᠵᠢᠯ ᠳᠠᠭᠠᠨ ᠣᠷᠣᠯᠴᠠᠵᠤ᠂ ᠰᠢᠨ᠎ᠡ ᠱᠠᠲᠤ ᠦᠶ᠎ᠡ | ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠨ᠎ᠡ᠃ | 3. ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠲᠥᠪ ᠤᠨ | ᠵᠠᠯᠠᠭᠤᠴᠤᠳ ᠤᠨ ᠠᠵᠢᠯ ᠤᠨ ᠵᠥᠪᠯᠡᠯ ᠤᠨ ᠭᠡᠰᠢᠭᠦᠨ ᠭᠤᠤ ᠢ ᠳ᠋ᠡ | 2023 ᠣᠨ ᠤ ᠪᠦᠬᠦ ᠤᠯᠤᠰ ᠤᠨ ︽ᠬᠤᠶᠠᠷ ᠬᠤᠷᠠᠯ︾ ᠠᠮᠵᠢᠯᠲᠠ ᠲᠠᠢ ᠲᠡᠭᠦᠰᠦᠭᠰᠡᠨ ᠨᠢ ᠬᠥᠮᠦᠰ ᠢ | ᠵᠣᠷᠢᠭᠵᠢᠭᠤᠯᠤᠨ ᠤᠷᠤᠭᠰᠢᠯᠠᠭᠤᠯᠵᠤ ᠪᠤᠢ᠃ ᠵᠠᠯᠠᠭᠤ ᠨᠢᠭᠡ ᠦᠶ᠎ᠡ ᠶᠢᠨ ᠬᠢᠨ ᠪᠣᠯᠤᠭᠰᠠᠨ ᠤ ᠬᠤᠪᠢ ᠳᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠶᠢ ᠰᠤᠷᠤᠯᠴᠠᠬᠤ ᠶᠠᠪᠤᠳᠠᠯ ᠢ ᠥᠪᠡᠷ ᠤᠨ ︽ᠰᠠᠭᠤᠷᠢ ᠬᠢᠴᠢᠶᠡᠯ︾ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠶᠠᠪᠤᠳᠠᠯ ᠢ ᠥᠪᠡᠷ ᠤᠨ ︽ᠵᠠᠪᠠᠯ ᠰᠤᠷᠬᠤ ᠬᠢᠴᠢᠶᠡᠯ︾ | ᠪᠣᠯᠭᠠᠵᠤ᠂ ︽ᠳᠥᠷᠪᠡᠨ ᠲᠡᠦᠬᠡ︾ ᠶᠢ ᠭᠦᠨᠵᠡᠭᠡᠶ ᠰᠤᠷᠤᠯᠴᠠᠬᠤ ᠶᠠᠪᠤᠳᠠᠯ ᠢ ᠥᠪᠡᠷ ᠤᠨ ︽ᠲᠤᠰᠬᠠᠶ ᠮᠡᠷᠭᠡᠵᠢᠯ | ᠤᠨ ᠬᠢᠴᠢᠶᠡᠯ︾ ᠪᠣᠯᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ | ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ | ᠲᠥᠷᠥ ᠶᠢᠨ ᠵᠣᠭᠰᠣᠯᠲᠠ ᠪᠠᠨ ᠬᠤᠪᠢᠷᠠᠭᠤᠯᠬᠤ ᠥᠬᠡᠶ᠂ ᠤᠯᠤᠰ ᠲᠥᠷᠥ ᠶᠢᠨ ᠴᠢᠭᠯᠡᠯ ᠢᠶᠠᠨ ᠬᠡᠯᠪᠡᠶᠢᠯᠭᠡᠬᠦ ᠥᠬᠡᠶ | ᠪᠠᠶᠢᠬᠤ ᠶᠢ ᠦᠨᠡᠨ ᠬᠦ ᠪᠠᠲᠤᠯᠠᠨ᠎ᠠ᠃ ︽ᠤᠷᠤᠭᠰᠢᠯᠠᠨ ᠳᠠᠪᠰᠢᠬᠤ ᠣᠪᠣᠷ ᠪᠠᠶᠢᠳᠠᠯ︾ ᠢ ᠴᠠᠭ ᠢᠮᠠᠭᠲᠠ | ᠪᠠᠷᠢᠮᠳᠠᠯᠠᠨ᠂ ︽ᠵᠣᠷᠢᠭᠲᠠᠢ︾ ᠰᠡᠳᠭᠢᠴᠡ ᠪᠤᠯᠤᠨ ︽ᠭᠦᠶᠦᠬᠦ︾ ᠪᠠᠶᠢᠳᠠᠯ ᠢᠶᠠᠷ ᠰᠠᠨᠠᠭᠠᠴᠢᠯᠠᠭ᠎ᠠ ᠠᠴᠠ ᠪᠠᠨ | ᠵᠢᠳᠬᠦᠯ ᠴᠢᠷᠮᠠᠶᠢᠯᠭ᠎ᠠ ᠭᠠᠷᠭᠠᠵᠤ᠂ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠤᠨ ᠥᠪᠥᠷ ᠮᠣᠩᠭᠤᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤᠨ ᠳᠤ ᠵᠠᠯᠠᠭᠤ | ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃ | 4. ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠲᠥᠪ ᠤᠨ | ᠬᠥᠬᠡᠬᠤᠲᠠ ᠶᠢᠨ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ ᠶᠦᠨ ᠷᠦᠢ ᠲᠢᠩ | ᠬᠤᠶᠠᠷ ᠬᠤᠷᠠᠯ ᠨᠢ ᠤᠯᠤᠰ ᠤᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠶ ᠪᠠᠰᠠ ᠮᠠᠨ ᠤ | ᠬᠥᠮᠦᠨ ᠪᠦᠷᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠦᠨᠳᠦᠰᠦᠨ ᠱᠠᠲᠤᠨ ᠤ ᠤᠰᠤᠨ | ᠰᠢᠨᠵᠢᠯᠡᠭᠡᠨ ᠤ ᠠᠵᠢᠯᠲᠠᠨ ᠪᠣᠯᠤᠭᠰᠠᠨ ᠤ ᠬᠤᠪᠢ ᠳᠤ ᠪᠢᠳᠡ ︽ᠠᠷᠪᠠᠨ ᠵᠢᠷᠭᠤᠭᠠᠨ ᠥᠰᠥᠭ︾ ᠤᠨ ᠤᠰᠤ | ᠵᠠᠰᠠᠬᠤ ᠰᠡᠳᠬᠢᠮᠵᠢ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ | ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ ᠤᠬᠠᠭᠠᠨᠴᠢ᠂ ᠪᠣᠳᠠᠲᠠᠶ ᠶᠢ ᠡᠷᠬᠢᠮᠯᠡᠬᠦ᠂ ᠰᠢᠨ᠎ᠡ ᠶᠢ ᠡᠭᠦᠳᠬᠦ ᠭᠡᠰᠡᠨ | ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠤᠨ᠎ᠠ᠂ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ | ᠭᠦᠨᠵᠡᠭᠡᠶᠢᠷᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ | ᠥᠷᠭᠡᠳᠬᠡᠵᠦ᠂ ᠤᠰᠤ ᠶᠢ ᠵᠠᠰᠠᠵᠤ ᠭᠤᠤᠯ ᠮᠥᠷᠡᠨ ᠢ ᠬᠠᠮᠠᠭᠠᠯᠠᠬᠤ ᠡᠯ᠎ᠡ ᠵᠦᠶᠯ ᠤᠨ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠠᠮᠢ ᠠᠬᠤᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠩᠷᠢ ᠶᠢ ᠨᠡᠩ ᠴᠡᠯᠮᠡᠭ᠂ ᠠᠭᠤᠯᠠ ᠶᠢ ᠨᠡᠩ | ᠨᠣᠭᠤᠭᠠᠨ᠂ ᠤᠰᠤ ᠶᠢ ᠨᠡᠩ ᠲᠤᠩᠭᠠᠯᠠᠭ ᠪᠣᠯᠭᠠᠬᠤ ᠪᠠ ᠰᠢᠨ᠎ᠡ ᠰᠢᠯᠭᠠᠯᠲᠠ ᠶᠢᠨ ᠵᠠᠮ ᠳᠡᠭᠡᠷ᠎ᠠ ᠤᠰᠤᠨ | ᠰᠢᠨᠵᠢᠯᠡᠭᠡᠨ ᠤ ᠠᠵᠢᠯᠲᠠᠨ ᠤ ᠨᠡᠩ ᠶᠡᠭᠡ ᠰᠢᠨ᠎ᠡ ᠬᠤᠪᠢ ᠨᠡᠮᠡᠷᠢ ᠶᠢ ᠦᠵᠡᠭᠦᠯᠬᠦ ᠪᠠᠷ ᠴᠢᠷᠮᠠᠶᠢᠨ᠎ᠠ᠃ | 5 . ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠵᠠᠯᠠᠭᠤᠴᠤᠳ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠯᠢ ᠹᠧᠩ ᠶᠦᠨ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠦᠳᠡᠯᠭᠡᠭᠦᠷ ᠬᠦᠴᠦᠨ | ᠮᠥᠨ᠃ ᠬᠤᠶᠠᠷ ᠬᠤᠷᠠᠯ ᠤᠨ ᠬᠠᠯᠠᠮᠰᠢᠯ ᠦᠭᠡ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾᠂ ︽ᠰᠢᠨ᠎ᠡ ᠶᠢ | ᠡᠭᠦᠳᠬᠦ︾ ᠦᠨᠳᠦᠷ ᠳᠠᠪᠲᠠᠮᠵᠢ ᠲᠠᠢᠢᠯᠡᠷᠡᠵᠦ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠶᠡᠭᠡ ᠬᠥᠭᠵᠢᠯᠲᠡ ᠶᠢᠨ ᠬᠥᠳᠡᠯᠭᠡᠬᠦ ᠬᠦᠴᠦᠨ ᠪᠠ ᠬᠤᠷᠳᠤᠴᠠ ᠶᠢ ᠢᠯᠡᠷᠡᠭᠦᠯᠪᠡ᠃ ᠰᠢᠨ᠎ᠡ ᠴᠠᠭ ᠦᠶ᠎ᠡ | ᠳᠤ ᠣᠷᠣᠭᠰᠠᠨ ᠠᠴᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠡᠳᠦᠷ | ᠢᠷᠡᠬᠦᠶ᠎ᠡ ᠨᠡᠮᠡᠭᠳᠡᠵᠦ᠂ ᠠᠷᠠᠳ ᠤᠨ ᠠᠮᠢᠳᠤᠷᠠᠯ ᠤᠨ ᠠᠵᠠ ᠪᠣᠶᠠᠨ ᠨᠡᠮᠡᠭᠳᠡᠨ᠂ ᠠᠮᠢᠳᠤᠷᠠᠯ ᠤᠨ ᠴᠢᠨᠠᠷ ᠴᠢᠨᠰᠠᠭ᠎ᠠ | ᠳᠡᠭᠡᠭᠰᠢᠯᠡᠵᠦ ᠪᠠᠶᠢᠭ᠎ᠠ ᠨᠢ ᠴᠥᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ | ᠲᠣᠯᠭᠠᠭᠤᠷᠢᠯᠠᠵᠦ ᠪᠤᠢ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠨ | ᠠᠵᠢᠯᠲᠠᠨ ᠪᠣᠯᠤᠭᠰᠠᠨ ᠤ ᠬᠤᠪᠢ ᠳᠤ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ | ᠵᠠᠩᠭᠢᠯᠠᠭ᠎ᠠ︾ ᠶᠢ ᠠᠳᠬᠤᠬᠤ ᠶᠢ ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠭ᠎ᠠ ᠶᠢ ᠶᠡᠭᠡ ᠪᠠᠷ ᠲᠦᠷᠭᠡᠳᠬᠡᠵᠦ᠂ ᠤᠯᠤᠰ ᠪᠤᠯᠤᠨ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠤᠨ ᠤᠰᠤᠨ ᠠᠰᠢᠭᠯᠠᠯᠲᠠ ᠶᠢᠨ ᠭᠤᠣᠯᠳᠠᠯᠭ᠎ᠠ ᠲᠠᠢ | ᠠᠵᠢᠯ ᠳᠤ ᠦᠶᠯᠡᠴᠢᠯᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ᠂ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃ | 6. ᠥᠪᠡᠷᠲᠡᠭᠡᠨ ᠵᠠᠰᠠᠬᠤ ᠣᠷᠣᠨ ᠤ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠤᠨ | ᠡᠪᠯᠡᠯ ᠤᠨ ᠡᠭᠦᠷ ᠤᠨ ᠭᠡᠰᠢᠭᠦᠨ ᠨᠢᠶᠧ ᠱᠤᠸᠠᠢ | 2023 ᠣᠨ ᠤ ᠪᠦᠬᠦ ᠤᠯᠤᠰ ᠤᠨ ᠬᠤᠶᠠᠷ ᠬᠤᠷᠠᠯ ᠠᠴᠠ ᠳᠤᠷᠠᠳᠬᠤ ᠳᠤ ᠪᠠᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠦᠶᠡᠷ | ᠤᠰᠤᠲᠤᠯ ᠭᠠᠩ ᠬᠠᠭᠰᠠᠷᠠᠭᠠᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠯᠤᠰ ᠤᠨ ᠠᠮᠤᠷ ᠲᠦᠪᠰᠢᠨ ᠤ | ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠡᠢ᠃ ᠦᠶᠡᠷ ᠭᠠᠩ ᠤᠨ | ᠭᠠᠮᠰᠢᠭ ᠢ ᠰᠡᠷᠭᠡᠶᠢᠯᠡᠬᠦ ᠠᠵᠢᠯᠲᠠᠨ ᠪᠣᠯᠤᠭᠰᠠᠨ ᠤ ᠬᠤᠪᠢ ᠳᠤ ᠡᠭᠦᠨ ᠳᠤ ᠭᠦᠨ ᠲᠥᠷᠥᠭᠳᠡᠯ ᠲᠠᠢ ᠪᠠᠶᠢᠭ᠎ᠠ ᠶᠤᠮ᠃ | ᠠᠵᠢᠯ ᠤᠨ ᠳᠤᠮᠳᠠ ᠪᠠᠨ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠵᠦ | ᠭᠠᠮᠰᠢᠭ ᠠᠴᠠ ᠠᠪᠤᠷᠬᠠᠤ ᠰᠢᠨ᠎ᠡ ᠣᠨᠣᠯᠵᠢᠬᠤᠨ ᠢ ᠢᠳᠡᠪᠬᠢᠲᠡᠶ ᠦᠶ᠋ᠯᠡᠳᠦᠯᠭᠡᠵᠢᠭᠦᠯᠵᠦ᠂ ᠰᠠᠨᠠᠭᠠᠰᠢᠷᠠᠨ ᠵᠣᠪᠠᠨᠢᠬᠤ | ᠤᠬᠠᠮᠰᠠᠷ ᠢ ᠪᠣᠶ ᠪᠣᠯᠭᠠᠨ᠂ ᠲᠦᠢᠯ ᠤᠨ ᠰᠡᠳᠬᠢᠬᠦᠶ ᠶᠢ ᠪᠠᠷᠢᠮᠳᠠᠯᠠᠵᠦ᠂ ᠦᠶᠡᠷ ᠭᠠᠩ ᠤᠨ ᠭᠠᠮᠰᠢᠭ ᠢ ᠰᠡᠷᠭᠡᠶᠢᠯᠡᠬᠦ | ᠬᠤᠷᠢᠭ᠎ᠠ ᠱᠤᠭᠤᠮ ᠢ ᠡᠷᠡᠰ ᠰᠠᠬᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠳᠤ ᠤᠰᠤᠨ ᠤ ᠠᠮᠤᠷ ᠲᠦᠪᠰᠢᠨ ᠤ ᠬᠦᠴᠦᠲᠡᠶ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ | 7. ᠥᠪᠡᠷᠲᠡᠭᠡᠨ ᠵᠠᠰᠠᠬᠤ ᠣᠷᠣᠨ ᠤ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠤᠨ | ᠵᠠᠯᠠᠭᠤᠴᠤᠳ ᠤᠨ ᠠᠵᠢᠯ ᠤᠨ ᠵᠦᠪᠯᠡᠯ ᠤᠨ ᠡᠷᠬᠢᠯᠡᠭᠴᠢ ᠯᠢᠦ ᠪᠢᠩ | ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠭᠰᠠᠨ ᠨᠢ ᠬᠥᠮᠦᠰ ᠢ ᠤᠷᠮᠠᠰᠢᠭᠤᠯᠤᠨ | ᠵᠣᠷᠢᠭᠵᠢᠭᠤᠯᠵᠤ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠯ᠎ᠠ᠂ ᠪᠢᠳᠡ ᠬᠠᠷᠠᠯᠲᠠ ᠪᠠᠨ ᠲᠣᠭᠲᠠᠭᠠᠵᠤ᠂ | ᠡᠷᠡᠮᠡᠬᠡᠶᠢᠯᠡᠨ ᠤᠷᠤᠭᠰᠢᠯᠠᠵᠤ᠂ ᠲᠣᠯᠭᠠᠮ ᠤᠬᠠᠮᠰᠠᠷ ᠢᠶᠠᠨ ᠴᠢᠩᠭᠠᠳᠬᠠᠵᠤ᠂ ᠰᠢᠷᠭᠠᠭᠤ ᠬᠠᠲᠠᠭᠤᠵᠢᠯᠲᠠᠢ ᠪᠦᠭᠡᠳ | ᠪᠣᠳᠠᠲᠠᠢ ᠠᠵᠢᠯᠯᠠᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠡᠬᠢᠯᠡᠯᠲᠡ ᠶᠢ ᠪᠤᠢ | ᠪᠣᠯᠭᠠᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠵᠠᠯᠠᠭᠤᠴᠤᠳ ᠪᠣᠯᠤᠭᠰᠠᠨ ᠤ ᠬᠤᠪᠢ ᠳᠤ᠂ ᠮᠦᠨ | ᠡᠪᠯᠡᠯ ᠤᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ ᠦᠨᠳᠦᠰᠦᠨ ᠱᠠᠲᠤᠨ ᠤ ᠡᠪᠯᠡᠯ ᠪᠤᠯᠤᠨ ᠵᠠᠯᠠᠭᠤᠴᠤᠳ ᠤᠨ | ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠣᠯᠠᠨ | ᠡᠪᠯᠡᠯ ᠤᠨ ᠭᠡᠰᠢᠭᠦᠨ ᠵᠠᠯᠠᠭᠤᠴᠤᠳ ᠤᠨ ᠬᠦᠴᠦᠨ ᠢ ᠢᠳᠡᠪᠬᠢᠲᠡᠶ ᠨᠢᠭᠲᠠᠷᠠᠭᠤᠯᠵᠤ᠂ ᠤᠰᠤᠨ ᠠᠰᠢᠭᠯᠠᠯᠲᠠ ᠶᠢᠨ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠵᠠᠯᠠᠭᠤ ᠨᠠᠰᠤᠨ ᠤ ᠪᠠᠨ ᠬᠦᠴᠦᠨ ᠢ ᠨᠡᠮᠡᠷᠢᠯᠡᠵᠦ᠂ ᠴᠤᠴᠠᠯᠲᠠ | ᠥᠬᠡᠶ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠤᠷᠮ᠎ᠠ ᠵᠤᠷᠢᠭ ᠬᠦᠭᠵᠢᠩᠭᠦᠢ ᠪᠠᠷ ᠰᠢᠨᠳᠠᠷᠠᠰᠢ ᠦᠭᠡᠢ | ᠴᠢᠷᠮᠠᠶᠢᠨ᠎ᠠ᠃ | 8 . ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠥᠪ ᠤᠨ ᠡᠪᠯᠡᠯ ᠤᠨ ᠡᠭᠦᠷ ᠤᠨ ᠱᠦᠵᠢ᠂ ᠵᠠᠯᠠᠭᠤᠴᠤᠳ ᠤᠨ ᠠᠵᠢᠯ ᠤᠨ ᠵᠥᠪᠯᠡᠯ ᠤᠨ | ᠡᠷᠬᠢᠯᠡᠭᠴᠢ ᠮᠢᠶᠣᠣ ᠡᠾᠦ᠋ᠢ ᠫᠢᠩ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠨᠢ ᠠᠷᠠᠳ ᠤᠨ ᠠᠮᠢᠳᠤᠷᠠᠯ ᠲᠠᠢ ᠬᠤᠯᠪᠤᠭᠳᠠᠭᠰᠠᠨ | ᠴᠦᠬᠡᠨ ᠪᠤᠰᠤ ᠰᠡᠳᠦᠪ ᠢ ᠶᠠᠷᠢᠯᠴᠠᠵᠠᠢ᠂ ᠲᠤᠬᠠᠶᠢᠯᠠᠪᠠᠯ ᠨᠢᠯᠬ᠎ᠠ ᠬᠡᠥᠬᠡᠳ ᠲᠤ ᠬᠦᠮᠦᠵᠢᠯ ᠲᠠᠢ᠂ ᠰᠤᠷᠬᠤ ᠠᠴᠠ | ᠰᠤᠷᠭᠠᠭᠤᠯᠢ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ | ᠰᠠᠭᠤᠬᠤ ᠠᠴᠠ ᠣᠷᠣᠨ ᠰᠠᠭᠤᠴᠠ ᠲᠠᠢ ᠁ ᠭᠡᠬᠦ ᠵᠡᠷᠭᠡ ᠤᠰᠤᠨ ᠠᠰᠢᠭᠯᠠᠯᠲᠠ ᠶᠢᠨ ᠵᠠᠯᠠᠭᠤ ᠪᠣᠯᠤᠭᠰᠠᠨ ᠤ | ᠬᠤᠪᠢ ᠳᠤ ᠵᠠᠯᠠᠭᠤᠴᠤᠳ ᠮᠠᠨᠳᠤᠪᠠᠯ ᠤᠯᠤᠰ ᠣᠷᠣᠨ ᠮᠠᠨᠳᠤᠵᠤ᠂ ᠵᠠᠯᠠᠭᠤᠴᠤᠳ ᠵᠠᠯᠠᠭᠤ ᠨᠠᠰᠤ ᠪᠠᠨ ᠬᠦᠭᠵᠢᠭᠡᠨ ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡᠯ ᠤᠯᠤᠰ ᠣᠷᠣᠨ ᠰᠠᠶ᠋ᠢ ᠬᠦᠴᠦᠨ ᠴᠢᠳᠠᠯ ᠲᠠᠢ ᠪᠤᠯᠵᠤ᠂ ᠤᠰᠤᠨ | ᠠᠰᠢᠭᠯᠠᠯᠲᠠ ᠶᠢᠨ ᠦᠢᠯᠡᠰ ᠰᠠᠶ᠋ᠢ ᠵᠠᠯᠭᠠᠮᠵᠢᠯᠠᠭᠴᠢ ᠲᠠᠢ ᠪᠤᠯᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠵᠤ | ᠪᠠᠶᠢᠨ᠎ᠠ᠃ ᠤᠰᠤᠯᠠᠯᠲᠠ ᠶᠢᠨ ᠣᠷᠣᠨ ᠤ ᠦᠢᠯᠡᠰ ᠨᠢ ᠠᠷᠠᠳ ᠤᠨ ᠠᠮᠢᠳᠤᠷᠠᠯ ᠲᠠᠢ ᠰᠢᠭᠤᠳ ᠬᠤᠯᠪᠤᠭᠳᠠᠬᠤ ᠠᠴᠠ | ᠤᠴᠢᠷ ᠠᠴᠠ ᠬᠤᠶᠢᠰᠢᠳᠠ ᠪᠢ ᠵᠠᠯᠠᠭᠤ ᠺᠠᠳ᠋ᠷᠴᠤᠳ ᠢ ᠢᠳᠡᠪᠬᠢᠲᠡᠢ ᠪᠠᠷ ᠳᠠᠭᠠᠭᠤᠯᠵᠦ ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ ᠦᠷᠳᠡᠭ ᠤᠨ ᠦᠵᠡᠯᠲᠡ ᠶᠢ ᠴᠢᠨᠠᠭᠰᠢᠳᠠ ᠪᠤᠢ ᠪᠣᠯᠭᠠᠵᠤ᠂ ᠨᠠᠷᠢᠨ ᠬᠢᠨᠠᠮᠠᠭᠠᠢ | ᠬᠠᠷᠢᠭᠤᠴᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠦᠴᠦᠨ ᠵᠢᠳᠭᠦᠯ | ᠦᠵᠡᠭᠦᠯᠬᠦ ᠪᠠᠷ ᠴᠢᠷᠮᠠᠶᠢᠨ᠎ᠠ᠃ | 9 . ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠨ ᠱᠧᠩ ᠭᠦᠩ ᠤᠨ ᠤᠰᠤᠨ ᠠᠰᠢᠭᠯᠠᠯᠲᠠ | ᠶᠢᠨ ᠬᠦᠢᠰᠦ ᠬᠠᠮᠢᠶᠠᠷᠤᠯᠲᠠ ᠶᠢᠨ ᠲᠥᠪ ᠤᠨ ᠵᠠᠯᠠᠭᠤᠴᠤᠳ ᠤᠨ ᠠᠵᠢᠯ ᠤᠨ ᠵᠥᠪᠯᠡᠯ ᠤᠨ ᠭᠡᠰᠢᠭᠦᠨ ᠰᠢᠤᠢ ᠳ᠋ᠧ | ᠬᠤᠤ | ᠵᠠᠯᠠᠭᠤᠴᠤᠳ ᠪᠣᠯ ᠤᠯᠤᠰ ᠣᠷᠣᠨ ᠤ ᠬᠥᠭᠵᠢᠯᠲᠡ ᠶᠢᠨ ᠲᠤᠯᠭᠠᠭᠤᠷᠢ ᠬᠦᠴᠦᠨ ᠪᠠ ᠦᠨᠳᠦᠰᠦᠲᠡᠨ ᠤ | ᠬᠥᠭᠵᠢᠯ ᠮᠠᠨᠳᠤᠯ ᠤᠨ ᠬᠠᠮᠤᠭ ᠤᠨ ᠬᠦᠴᠦᠷᠬᠡᠭ ᠰᠢᠨ᠎ᠡ ᠬᠦᠴᠦᠨ ᠮᠥᠨ᠃ ᠪᠢᠳᠡ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠵᠠᠯᠠᠭᠤ ᠨᠠᠰᠤᠨ ᠤ ᠡᠷᠴᠢ ᠵᠣᠷᠢᠭ ᠢᠶᠠᠨ ᠬᠦᠪᠴᠢᠯᠡᠨ ᠲᠡᠮᠡᠴᠡᠵᠦ ᠡᠨᠡ ᠨᠢᠭᠡ ᠦᠶ᠎ᠡ ᠶᠢᠨ ᠬᠥᠮᠦᠰ ᠤᠨ | ᠤᠷᠳᠤ ᠵᠠᠮ ᠤᠨ ᠠᠶᠠᠨ ᠲᠠᠶᠢᠨ ᠢ ᠰᠠᠶᠢᠲᠤᠷ ᠬᠢᠬᠦ ᠬᠡᠷᠡᠭᠲᠡᠢ ᠶᠤᠮ᠃ ᠦᠨᠳᠦᠰᠦᠨ ᠱᠠᠲᠤᠨ ᠤ ᠤᠰᠤᠨ | ᠠᠰᠢᠭᠯᠠᠯᠲᠠ ᠶᠢᠨ ᠵᠠᠯᠠᠭᠤ ᠠᠵᠢᠯᠲᠠᠨ ᠪᠣᠯᠤᠭᠰᠠᠨ ᠤ ᠬᠤᠪᠢ ᠳᠤ᠂ ᠤᠰᠤᠨ ᠠᠰᠢᠭᠯᠠᠯᠲᠠ ᠶᠢᠨ ᠠᠬᠠᠮᠠᠳ ᠨᠢᠭᠡ | ᠦᠶ᠎ᠡ ᠶᠢᠨ ᠠᠵᠢᠯᠲᠠᠳ ᠤᠨ ᠴᠢᠩ ᠰᠡᠳᠬᠢᠯ ᠤᠨ ᠰᠤᠷᠭᠠᠯ ᠢ ᠪᠠᠲᠤ ᠴᠡᠭᠡᠵᠢᠯᠡᠵᠦ᠂ ᠡᠮᠦᠨ᠎ᠡ ᠹᠷᠣᠨᠲ ᠲᠤ | ᠦᠨᠳᠦᠰᠦ ᠬᠠᠳᠬᠤᠨ᠂ ᠠᠵᠢᠯᠴᠢ ᠬᠥᠳᠡᠯᠮᠦᠷᠢᠴᠢ ᠪᠥᠭᠡᠳ ᠰᠢᠷᠭᠠᠭᠤ ᠠᠵᠢᠯᠯᠠᠵᠤ᠂ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠶ ᠬᠥᠭᠵᠢᠯᠲᠡ ᠶᠢᠨ ᠳᠣᠷᠣᠨ᠎ᠠ ᠶᠢᠨ ᠰᠠᠯᠬᠢᠨ ᠤ | ᠡᠷᠴᠢᠨ ᠳᠤ ︽ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ᠂ ᠰᠢᠨᠵᠢᠯᠡᠬᠦ ᠤᠬᠠᠭᠠᠨᠴᠢ᠂ | ᠦᠨᠡᠨ ᠢ ᠪᠠᠷᠢᠮᠲᠠᠯᠠᠬᠤ᠂ ᠰᠢᠨ᠎ᠡ ᠶᠢ ᠡᠭᠦᠳᠬᠦ︾ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠵᠣᠷᠢᠭ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠴᠢᠷᠮᠠᠶᠢᠨ ᠰᠤᠷᠤᠯᠴᠠᠵᠤ᠂ ᠰᠢᠷᠭᠠᠭᠤ ᠬᠠᠲᠠᠭᠤᠵᠢᠯᠲᠠᠶ ᠰᠤᠳᠤᠯᠵᠤ᠂ | ᠤᠰᠤᠨ ᠠᠰᠢᠭᠯᠠᠯᠲᠠ ᠶᠢᠨ ᠦᠶᠯᠡᠰ ᠤᠨ ᠥᠷᠨᠢᠩᠭᠦᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠦᠴᠦᠨ ᠴᠢᠳᠠᠯ | ᠢᠶᠠᠨ ᠡᠷᠭᠦᠨ᠎ᠡ᠃ | 10 . ᠥᠪᠥᠷ ᠮᠣᠩᠭᠤᠯ ᠤᠨ ᠬᠠᠲᠤᠨ ᠭᠤᠤᠯ ᠤᠨ ᠪᠠᠷᠢᠯᠭ᠎ᠠ ᠶᠢᠨ ᠲᠤᠪᠴᠢᠶᠠᠨ ᠤ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠪᠯᠡᠯ ᠤᠨ ᠬᠤᠷᠢᠶᠠᠨ ᠤ ᠭᠡᠰᠢᠭᠦᠨ ᠵᠠᠩ ᠡᠯ ᠴᠢᠶᠠᠨ | 2023 ᠣᠨ ᠤ ᠪᠥᠬᠦ ᠤᠯᠤᠰ ᠤᠨ ᠬᠤᠶᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠳᠤ | ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠮᠦᠨ᠂ ᠪᠥᠬᠦ ᠤᠯᠤᠰ ᠤᠨ ᠦᠨᠳᠦᠰᠦᠲᠡᠨ ᠨᠦᠭᠦᠳ | ᠤᠨ ᠠᠷᠠᠳ ᠲᠦᠮᠡᠨ ᠤ ᠨᠠᠮ ᠤᠨ ᠤᠳᠤᠷᠢᠳᠤᠯᠭ᠎ᠠ ᠳᠣᠤᠷ᠎ᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ | ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ | ᠬᠡᠲᠦ ᠶᠢᠨ ᠠᠴᠢ ᠬᠤᠯᠪᠣᠭᠳᠠᠯ ᠲᠠᠢ ᠶᠤᠮ᠃ ᠤᠰᠤᠨ ᠠᠰᠢᠭᠯᠠᠯᠲᠠ ᠶᠢᠨ ᠠᠵᠤ ᠠᠬᠤᠶᠢᠯᠠᠯ ᠤᠨ ᠡᠪᠯᠡᠯ ᠤᠨ | ᠬᠤᠷᠢᠶᠠᠨ ᠤ ᠭᠡᠰᠢᠭᠦᠨ ᠪᠣᠯᠤᠭᠰᠠᠨ ᠤ ᠬᠤᠪᠢ ᠳᠤ ᠪᠢ ᠢᠮᠠᠭᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠦᠨᠡᠨ ᠬᠦ | ᠪᠣᠳᠠᠲᠠᠶᠢᠵᠢᠭᠤᠯᠵᠤ᠂ ᠡᠪᠯᠡᠯ ᠤᠨ ᠵᠠᠯᠠᠭᠤᠴᠤᠳ ᠤᠨ ᠠᠵᠢᠯ ᠪᠣᠯᠤᠨ ᠺᠣᠮᠫᠠᠨᠢ ᠶᠢᠨ ᠲᠤᠬᠠᠶᠢᠯᠠᠭᠰᠠᠨ ᠠᠵᠢᠯ ᠤᠨ | ᠭᠦᠨᠵᠡᠭᠡᠢ ᠠᠭᠤᠰᠤᠯᠴᠠᠯ ᠳᠤᠮᠳᠠ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠰᠦᠪᠡᠭᠴᠢᠯᠡᠵᠦ᠂ ᠺᠣᠮᠫᠠᠨᠢ ᠶᠢᠨ | ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠦ ᠰᠢᠨ᠎ᠡ ᠶᠢ ᠡᠭᠦᠳᠴᠦ ᠦᠷ᠎ᠡ ᠠᠰᠢᠭ ᠢᠶᠠᠨ | ᠨᠡᠮᠡᠭᠳᠡᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠴᠢᠮ ᠬᠦᠴᠢᠷ ᠠᠶᠤᠯᠲᠠᠢ | ᠬᠦᠨᠳᠦ ᠡᠭᠦᠷᠭᠡ ᠶᠢᠨ ᠳᠤᠮᠳᠠ ᠰᠢᠨ᠎ᠡ ᠬᠦᠴᠦᠨ ᠤ ᠦᠢᠯᠡᠳᠦᠯ ᠢ ᠪᠠᠳᠠᠷᠠᠭᠤᠯᠵᠤ᠂ ᠺᠣᠮᠫᠠᠨᠢ ᠶᠢᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠳᠤ ᠵᠠᠯᠠᠭᠤ ᠨᠠᠰᠤᠨ ᠤ ᠬᠦᠴᠦᠨ | ᠴᠢᠳᠠᠯ ᠢᠶᠠᠨ ᠡᠷᠭᠦᠨ᠎ᠡ᠃ | 11. ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ᠤᠨ ᠡᠪᠯᠡᠯ ᠤᠨ ᠡᠭᠦᠷ ᠤᠨ ᠱᠦᠵᠢ ᠠ ᠡᠾᠦ᠋ᠢ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠥᠭᠡᠷᠡᠴᠢᠯᠡᠯᠲᠡ ᠬᠢᠵᠦ ᠴᠢᠯᠦᠭᠡᠲᠡᠢ | ᠶᠠᠪᠤᠯᠴᠠᠭᠰᠠᠨ 45 ᠵᠢᠯ ᠤᠨ ᠤᠢ ᠶᠢ ᠤᠭᠲᠤᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠭᠡᠷᠡᠭᠵᠢᠭᠦᠯᠵᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠰᠢᠨ᠎ᠡ ᠡᠭᠦᠳᠦᠯᠲᠡ ᠶᠢ ᠲᠠᠬᠢᠨ ᠬᠦᠴᠦᠯᠡᠵᠦ᠂ ᠥᠭᠡᠷᠡᠴᠢᠯᠡᠯᠲᠡ ᠶᠢ ᠲᠠᠬᠢᠨ | ᠭᠦᠨᠵᠡᠭᠡᠶᠢᠷᠡᠭᠦᠯᠵᠦ᠂ ᠨᠡᠭᠡᠭᠡᠯᠳᠠ ᠶᠢ ᠲᠠᠬᠢᠨ ᠥᠷᠭᠡᠳᠬᠡᠬᠦ ᠬᠡᠷᠡᠭᠲᠡᠢ ᠶᠤᠮ᠃ ᠮᠠᠯᠵᠢᠬᠤ ᠣᠷᠣᠨ ᠤ ᠤᠰᠤᠨ | ᠠᠰᠢᠭᠯᠠᠯᠲᠠ ᠶᠢᠨ ᠠᠵᠢᠯᠲᠠᠨ ᠪᠣᠯᠤᠭᠰᠠᠨ ᠤ ᠬᠤᠪᠢ ᠳᠤ ᠪᠢᠳᠡ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ | ᠶᠣᠰᠣᠭᠠᠷ ᠰᠢᠨ᠎ᠡ ᠴᠠᠭ ᠦᠶ᠎ᠡ ᠶᠢᠨ ᠪᠦᠷᠢᠶᠡᠨ ᠲᠠᠭᠤᠨ ᠤ ᠳᠤᠮᠳᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠨ ᠪᠠᠶᠢᠭᠤᠯᠬᠤ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠷᠳᠡᠮ ᠰᠢᠨᠵᠢᠯᠡᠭᠡᠨ ᠤ ᠥᠭᠦᠯᠡᠯ ᠢᠶᠠᠨ ᠡᠬᠡ | ᠤᠯᠤᠰ ᠤᠨ ᠢᠶᠠᠨ ᠡᠬᠡ ᠭᠠᠵᠠᠷ ᠤᠨ ᠬᠦᠷᠦᠰᠦᠨ ᠳᠡᠭᠡᠷ᠎ᠡ ᠪᠢᠴᠢᠭᠯᠡᠵᠦ᠂ ᠡᠷᠴᠢ ᠵᠤᠷᠢᠭ ᠢᠶᠠᠨ ᠬᠦᠪᠴᠢᠯᠡᠵᠦ᠂ | ᠡᠷᠡᠯᠬᠡᠭᠯᠡᠨ ᠤᠷᠤᠭᠰᠢᠯᠠᠵᠤ᠂ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠢ ᠲᠠᠰᠤᠷᠠᠯᠲᠠ ᠥᠬᠡᠶ | ᠠᠬᠢᠭᠤᠯᠬᠤ ᠪᠠᠷ ᠴᠢᠷᠮᠠᠶᠢᠨ᠎ᠠ᠃ | |