ᠤᠰᠤᠨ ᠠᠰᠢᠭᠯᠠᠯᠲᠠ ᠶᠢᠨ ᠶᠠᠮᠤᠨ ᠤ 3 ᠳ᠋ᠤᠭᠠᠷ ᠰᠠᠷ᠎ᠠ ᠶᠢᠨ 14 ᠤ ᠡᠳᠦᠷ ᠬᠤᠷᠠᠯᠳᠤᠭᠤᠯᠤᠭᠰᠠᠨ ︽ | ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠣᠨ ᠤ ᠲᠣᠯᠢ 2023︾ ᠢ ᠨᠠᠶᠢᠷᠠᠭᠤᠯᠤᠨ ᠲᠤᠭᠤᠷᠪᠢᠬᠤ | ᠠᠵᠢᠯ ᠤᠨ ᠸᠢᠳᠢᠣ᠋ ᠬᠤᠷᠠᠯ ᠳᠡᠭᠡᠷ᠎ᠡ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠲᠢᠶᠠᠨ ᠰᠢᠤᠸᠠᠢ ᠪᠢᠨ | 2022 ᠣᠨ ᠤ ᠤᠰᠤᠨ ᠠᠰᠢᠭᠯᠠᠯᠲᠠ ᠶᠢᠨ ᠣᠨ ᠤ ᠲᠣᠯᠢ ᠶᠢ ᠨᠠᠶᠢᠷᠠᠭᠤᠯᠬᠤ ᠠᠵᠢᠯ ᠢ ᠪᠥᠬᠦ ᠲᠠᠯ᠎ᠠ ᠪᠠᠷ | ᠳ᠋ᠦᠩᠨᠡᠵᠦ᠂ 2023 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ᠨᠠᠶᠢᠷᠠᠭᠤᠯᠤᠨ ᠲᠤᠭᠤᠷᠪᠢᠬᠤ ᠡᠭᠦᠷᠭᠡ | ᠶᠢ ᠪᠠᠶᠢᠷᠢᠯᠠᠭᠤᠯᠪᠠ᠃ ᠬᠤᠷᠠᠯ ᠳᠡᠭᠡᠷ᠎ᠡ ᠪᠠᠰᠠ 2022 ᠣᠨ ᠤ ᠳᠤᠮᠳᠠᠳᠤ ᠤᠯᠤᠰ ᠤᠨ ᠤᠰᠤᠨ ᠠᠰᠢᠭᠯᠠᠯᠲᠠ | ᠶᠢᠨ ᠣᠨ ᠤ ᠲᠣᠯᠢ ᠶᠢᠨ ᠠᠵᠢᠯ ᠤᠨ 20 ᠰᠢᠯᠢᠳᠡᠭ ᠨᠢᠭᠡᠴᠢ ᠵᠢᠴᠢ 30 ᠰᠢᠯᠢᠳᠡᠭ ᠬᠤᠪᠢ ᠬᠥᠮᠦᠨ ᠢ | ᠬᠥᠬᠢᠭᠦᠯᠦᠨ ᠰᠠᠶᠢᠰᠢᠶᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠰᠢᠯᠢᠳᠡᠭ ᠨᠢᠭᠡᠴᠢ ᠶᠢᠨ ᠢᠷᠠᠭᠤ ᠠᠯᠳᠠᠷ ᠢ ᠭᠥᠷᠳᠡᠪᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠣᠨ ᠤ ᠲᠣᠯᠢ ᠨᠠᠶᠢᠷᠠᠭᠤᠯᠬᠤ ᠠᠵᠢᠯ | ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠢᠩᠬᠢᠮ ᠤᠨ ᠭᠤᠣᠯ ᠤᠳᠤᠷᠢᠳᠤᠯᠭ᠎ᠠ ᠣᠨ ᠤ ᠲᠣᠯᠢ ᠨᠠᠶᠢᠷᠠᠭᠤᠯᠬᠤ | ᠺᠣᠮᠢᠰ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠲᠢᠩᠬᠢᠮ ᠤᠨ ᠬᠤᠯᠪᠣᠭᠳᠠᠯ ᠪᠦᠬᠦᠢ ᠤᠳᠤᠷᠢᠳᠤᠯᠭ᠎ᠠ ᠣᠨ | ᠤ ᠲᠣᠯᠢ ᠨᠠᠶᠢᠷᠠᠭᠤᠯᠬᠤ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠠᠶ᠃ ᠤᠰᠤᠨ ᠠᠰᠢᠭᠯᠠᠯᠲᠠ ᠶᠢᠨ ᠣᠨ ᠤ ᠲᠣᠯᠢ | ᠨᠠᠶᠢᠷᠠᠭᠤᠯᠤᠨ ᠪᠢᠴᠢᠬᠦ ᠠᠵᠢᠯᠲᠠᠳ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠪᠣᠯᠤᠨ ᠡᠷᠳᠡᠮ ᠰᠢᠨᠵᠢᠯᠡᠭᠡᠨ | ᠤ ᠤᠳᠤᠷᠢᠳᠤᠮᠵᠢ᠂ ᠤᠯᠤᠰ ᠲᠥᠷᠥ ᠶᠢᠨ ᠪᠣᠭᠤᠮᠲᠠ᠂ ᠲᠡᠦᠬᠡ ᠶᠢᠨ ᠦᠨᠡᠨ ᠪᠣᠳᠠᠲᠠᠶ ᠪᠣᠭᠤᠮᠲᠠ ᠪᠣᠯᠤᠨ ᠡᠷᠳᠡᠮ | ᠰᠢᠨᠵᠢᠯᠡᠭᠡᠨ ᠤ ᠪᠣᠭᠤᠮᠲᠠ ᠶᠢ ᠴᠢᠩᠭ᠎ᠠ ᠡᠵᠡᠮᠳᠡᠵᠦ᠂ ᠶᠠᠰᠤ ᠴᠢᠨᠠᠷ ᠢ ᠳᠡᠭᠡᠳᠦᠯᠡᠬᠦ ᠵᠠᠷᠴᠢᠮ ᠢ ᠪᠠᠷᠢᠮᠲᠠᠯᠠᠨ᠂ | ᠰᠣᠳᠣᠨ ᠪᠦᠲᠦᠭᠡᠯ ᠳᠣᠷᠪᠢᠯᠢᠭ ᠪᠦᠲᠦᠭᠡᠯ ᠢ ᠨᠠᠶᠢᠷᠠᠭᠤᠯᠤᠨ ᠪᠢᠴᠢᠬᠦ ᠶᠢ ᠦᠨᠡᠨᠬᠦ ᠪᠠᠲᠤᠯᠠᠵᠤ᠂ ᠰᠠᠨᠠᠭᠠᠴᠢᠯᠠᠭ᠎ᠠ ᠠᠴᠠ | ᠪᠠᠨ ︽ᠣᠲᠣ ᠦᠶ᠎ᠡ ᠶᠢᠨ ᠵᠠᠰᠠᠭ ᠲᠤ ᠲᠤᠰᠠᠯᠠᠬᠤ ᠬᠠᠪᠰᠤᠷᠤᠮᠵᠢ ᠦᠵᠡᠭᠦᠯᠬᠦ ᠯᠠᠪᠯᠠᠯᠲᠠ ᠬᠠᠩᠭᠠᠵᠤ᠂ ᠬᠤᠵᠢᠮ ᠤᠨ | ᠬᠥᠮᠦᠰ ᠲᠤ ᠳᠤᠯᠢᠳᠠᠵᠤ ᠪᠣᠯᠤᠮᠠᠷ ᠲᠡᠮᠳᠡᠭᠯᠡᠯ ᠦᠯᠡᠳᠡᠭᠡᠬᠦ︾ ᠪᠠᠷ ᠨᠠᠶᠢᠷᠠᠭᠤᠯᠤᠨ ᠪᠢᠴᠢᠬᠦ ᠪᠠᠷᠢᠮᠵᠢᠶ᠎ᠠ ᠪᠣᠯᠤᠨ | ᠬᠠᠷᠠᠯᠲᠠ ᠪᠣᠯᠭᠠᠵᠤ᠂ ᠰᠢᠨ᠎ᠡ ᠪᠠᠶᠢᠳᠠᠯ ᠳᠣᠤᠷᠠᠬᠢ ᠣᠨ ᠤ ᠲᠣᠯᠢ ᠨᠠᠶᠢᠷᠠᠭᠤᠯᠤᠨ ᠪᠢᠴᠢᠬᠦ ᠠᠵᠢᠯ ᠤᠨ ᠣᠨᠴᠠᠯᠢᠭ | ᠪᠣᠯᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠶᠢ ᠪᠠᠷᠢᠮᠳᠠᠯᠠᠪᠠ᠃ | ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠰᠣᠨᠢᠨ ᠮᠡᠳᠡᠭᠡ ᠤᠬᠠᠭᠤᠯᠬᠤ ᠬᠡᠯᠲᠡᠰ | ᠲᠡᠦᠬᠡ ᠣᠶᠢᠯᠠᠯᠭ᠎ᠠ ᠶᠢᠨ ᠣᠨ ᠤ ᠲᠣᠯᠢ ᠨᠠᠶᠢᠷᠠᠭᠤᠯᠤᠨ ᠲᠤᠭᠤᠷᠪᠢᠬᠤ ᠠᠵᠢᠯ ᠢ ᠡᠭᠦᠷᠭᠡᠯᠡᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠤᠰᠤ ᠶᠢ ᠵᠠᠰᠠᠵᠤ ᠤᠰᠤ ᠪᠠᠷ ᠬᠦᠭᠵᠢᠭᠦᠯᠬᠦ ᠳᠤ ᠣᠯᠤᠭᠰᠠᠨ ᠠᠮᠵᠢᠯᠲᠠ ᠪᠦᠲᠦᠮᠵᠢ | ᠶᠢ ᠪᠤᠰᠤᠳᠴᠢ ᠪᠥᠬᠦ ᠲᠠᠯ᠎ᠠ ᠪᠠᠷ᠂ ᠴᠠᠭ ᠲᠤᠬᠠᠶ ᠳᠤᠨᠢ ᠲᠡᠮᠳᠡᠭᠯᠡᠵᠦ᠂ ᠤᠰᠤᠨ ᠠᠰᠢᠭᠯᠠᠯᠲᠠ ᠶᠢᠨ ᠰᠢᠰᠲ᠋ᠧᠮ ᠤᠨ | ᠲᠡᠦᠬᠡ ᠣᠶᠢᠯᠠᠯᠭ᠎ᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠨᠡᠭᠡᠭᠡᠨ ᠠᠰᠢᠭᠯᠠᠵᠤ᠂ ᠨᠡᠶᠢᠭᠡᠮ ᠪᠠ ᠲᠡᠤᠬᠡᠨ ᠳᠤ | ᠤᠰᠤᠨ ᠠᠰᠢᠭᠯᠠᠯᠲᠠ ᠶᠢᠨ ᠰᠢᠰᠲ᠋ᠧᠮᠳᠦ ᠮᠠᠲ᠋ᠧᠷᠢᠶᠠᠯ ᠢ ᠦᠯᠡᠳᠡᠭᠡᠨ ᠥᠭᠴᠦ᠂ ᠨᠠᠩ ᠰᠠᠶᠢᠲᠤᠷ ᠵᠠᠰᠠᠭ ᠲᠤ | ᠲᠤᠰᠠᠯᠠᠬᠤ᠂ ᠲᠥᠷᠥ ᠲᠡᠮᠳᠡᠭᠯᠡᠬᠦ ᠪᠠ ᠯᠠᠪᠯᠠᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠳᠤ ᠲᠥᠬᠦᠮ ᠦᠵᠡᠭᠦᠯᠪᠡ᠃ | ᠰᠣᠨᠢᠨ ᠮᠡᠳᠡᠭᠡ ᠤᠬᠠᠭᠤᠯᠬᠤ ᠬᠡᠯᠲᠡᠰ ᠡᠭᠦᠨ ᠢᠶᠠᠷ ᠵᠤᠷᠢᠭᠵᠢᠭᠤᠯᠤᠯ ᠪᠤᠯᠭᠠᠵᠦ᠂ ᠥᠪᠥᠷ ᠮᠣᠩᠭᠤᠯ ᠤᠨ ᠤᠰᠤᠨ | ᠠᠰᠢᠭᠯᠠᠯᠲᠠ ᠶᠢᠨ ᠣᠨ ᠤ ᠲᠣᠯᠢ ᠨᠠᠶᠢᠷᠠᠭᠤᠯᠤᠨ ᠲᠤᠭᠤᠷᠪᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠨ᠎ᠠ᠃ | |