ᠤᠰᠤᠨ ᠰᠢᠨᠵᠢᠯᠡᠭᠡ ᠤᠰᠤᠨ ᠤ ᠡᠬᠢ ᠰᠤᠷᠪᠤᠯᠵᠢ ᠶᠢᠨ ᠲᠦᠪ ᠠᠴᠠ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
  3 ᠳ᠋ᠤᠭᠠᠷ ᠰᠠᠷ᠎ᠠ ᠶᠢᠨ 16 ᠤ ᠡᠳᠦᠷ ᠤᠰᠤᠨ ᠰᠢᠨᠵᠢᠯᠡᠭᠡ ᠤᠰᠤᠨ ᠤ ᠡᠬᠢ ᠰᠤᠷᠪᠤᠯᠵᠢ ᠶᠢᠨ ᠲᠥᠪ ᠤᠰᠤᠨ ᠰᠢᠨᠵᠢᠯᠡᠭᠡᠨ ᠤ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠤᠰᠤᠨ ᠰᠢᠨᠵᠢᠯᠡᠭᠡ ᠤᠰᠤᠨ ᠤ ᠡᠬᠢ ᠰᠤᠷᠪᠤᠯᠵᠢ ᠶᠢᠨ ᠲᠥᠪ ᠤᠨ ᠬᠤᠯᠪᠣᠭᠳᠠᠯ ᠪᠥᠬᠦᠶ ᠭᠠᠵᠠᠷ ᠠᠯᠪᠠᠨ ᠬᠡᠷ᠂ ᠡᠯ᠎ᠡ ᠬᠤᠪᠢᠶᠠᠷᠢ ᠲᠥᠪ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠣᠷᠣᠨ  ᠤ ᠤᠰᠤᠨ ᠰᠢᠨᠵᠢᠯᠡᠭᠡᠨ ᠤ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ       ᠪᠠᠶᠢᠷᠢᠯᠠᠭᠤᠯᠪᠠ᠃ ᠤᠰᠤᠨ ᠰᠢᠨᠵᠢᠯᠡᠭᠡ ᠤᠰᠤᠨ ᠤ ᠡᠬᠢ ᠰᠤᠷᠪᠤᠯᠵᠢ ᠶᠢᠨ ᠲᠦᠪ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ ᠯᠦ ᠪᠣᠣ ᠯᠢᠨ ᠬᠤᠷᠠᠯ ᠢ ᠡᠷᠬᠢᠯᠡᠪᠡ᠃
推进会1.jpg
  ᠬᠤᠷᠠᠯ ᠠᠴᠠ᠂ ᠪᠦᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ  ᠶᠢ ᠨᠠᠶᠢᠳᠠᠪᠤᠷᠢᠵᠢᠭᠤᠯᠬᠤ ᠦᠨᠳᠦᠷᠴᠡ ᠠᠴᠠ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠪᠠ ᠲᠤᠯᠭᠠᠭᠤᠷᠢᠯᠠᠬᠤ ᠦᠨᠳᠦᠷᠴᠡ ᠠᠴᠠ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠵᠥᠷᠢᠶ᠎ᠡ ᠪᠠᠨ ᠡᠷᠢᠵᠦ᠂ ᠬᠠᠷᠢᠭᠤᠴᠠᠯᠭᠠᠲᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠬᠥᠮᠦᠨ ᠢ ᠦᠵᠡᠵᠦ᠂ ᠤᠴᠢᠷ ᠶᠠᠪᠤᠳᠠᠯ ᠢ ᠦᠵᠡᠵᠦ᠂ ᠬᠠᠷᠠᠯᠲᠠ ᠪᠠᠨ ᠦᠵᠡᠵᠦ᠂ ᠴᠠᠭ ᠢ ᠦᠵᠡᠨ᠂ ᠦᠷ᠎ᠡ ᠪᠦᠲᠦᠮᠵᠢ ᠣᠯᠬᠤ︾ ᠶᠢᠨ ᠱᠠᠭᠠᠷᠳᠠᠯᠭ᠎ᠠ ᠶᠣᠰᠣᠭᠠᠷ ᠴᠢᠷᠮᠠᠶᠢᠨ ᠣᠷᠣᠭᠰᠢᠯᠠᠬᠤ ᠬᠡᠷᠡᠭᠲᠡᠶ᠃ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠠᠷᠢᠭᠤᠨ ᠴᠢᠬᠡᠴᠢ ᠪᠡᠶ᠎ᠡ ᠪᠠᠨ ᠱᠠᠭᠠᠷᠳᠠᠵᠦ᠂ ᠴᠠᠭ ᠢᠮᠠᠭᠲᠠ ᠨᠠᠮ ᠤᠨ ᠰᠠᠬᠢᠯᠭ᠎ᠠ ᠤᠯᠤᠰ  ᠤᠨ ᠬᠠᠤᠯᠢ ᠪᠠᠷ ᠴᠡᠭᠡᠷᠯᠡᠯ ᠪᠣᠯᠭᠠᠵᠤ᠂ ᠤᠬᠠᠮᠰᠠᠷ ᠠᠴᠠ ᠪᠠᠨ ᠬᠦᠭᠡ ᠬᠥᠬᠡᠭᠴᠢᠨ ᠲᠠᠯ᠎ᠠ ᠶᠢᠨ ᠶᠠᠪᠤᠯᠴᠠᠭ᠎ᠠ ᠶᠢᠨ ᠵᠠᠭᠠᠭ ᠱᠤᠭᠤᠮ ᠢ ᠲᠣᠳᠣᠷᠬᠠᠶᠢᠯᠠᠵᠤ᠂ ᠴᠡᠪᠡᠷ ᠴᠢᠬᠡᠴᠢ ᠬᠦᠭᠡ ᠬᠥᠬᠡᠭᠴᠢᠨ ᠲᠠᠯ᠎ᠠ ᠶᠢᠨ ᠬᠠᠷᠢᠴᠠᠭ᠎ᠠ ᠶᠢ      ᠪᠠᠶᠢᠭᠤᠯᠵᠤ᠂ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
推进会2.jpg
  ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠤᠭᠳᠠᠯ ᠪᠥᠬᠦᠶ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ᠂ ᠡᠯ᠎ᠡ ᠬᠤᠪᠢᠶᠠᠷᠢ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡ ᠤᠰᠤᠨ ᠤ ᠡᠬᠢ ᠰᠤᠷᠪᠤᠯᠵᠢ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号