︽ᠭᠤᠤᠯ ᠮᠥᠷᠡᠨ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠤᠯᠪᠣᠭᠠᠯᠠᠨ ᠬᠠᠮᠵᠢᠯᠴᠠᠬᠤ ᠶᠢ ᠭᠦᠨᠵᠡᠭᠡᠶᠢᠷᠡᠭᠦᠯᠵᠦ ᠭᠤᠤᠯ ᠮᠦᠷᠡᠨ ᠨᠠᠭᠤᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2023/3/20
  3 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠤᠯ ᠮᠦᠷᠡᠨ ᠨᠠᠭᠤᠷ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠶᠢᠨ ᠲᠤᠬᠠᠶ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ︽ᠭᠤᠤᠯ ᠮᠦᠷᠡᠨ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠭᠠᠨ ᠤ ᠲᠣᠭᠲᠠᠴᠠ ᠳᠤ ᠲᠦᠰᠢᠭᠯᠡᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠨ ᠪᠠᠲᠤᠯᠠᠭ᠎ᠠ ᠬᠠᠩᠭᠠᠬᠤ᠂ ︽ᠭᠤᠷᠪᠠᠨ ᠨᠠᠭᠤᠷ︾ ᠤᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ᠂ ᠤᠰᠤ ᠵᠠᠰᠠᠬᠤ ᠤᠰᠤ ᠠᠷᠪᠢᠯᠠᠬᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠨᠠᠭᠤᠷ ᠤᠨ ︽ᠳᠥᠷᠪᠡᠨ ᠰᠠᠮᠠᠭᠤᠨ ᠪᠠᠶᠢᠳᠠᠯ︾ ᠢ ᠴᠡᠪᠡᠷᠯᠡᠬᠦ᠂ ᠭᠤᠤᠯ ᠮᠥᠷᠡᠨ ᠤ  ᠦᠶᠡᠷ ᠶᠠᠪᠤᠭᠤᠯᠬᠤ ᠠᠮᠤᠷ ᠲᠦᠪᠰᠢᠨ᠂ ᠭᠤᠤᠯ ᠠᠴᠠ ᠬᠠᠤᠯᠢ ᠪᠤᠰᠤ ᠪᠠᠷ ᠡᠯᠡᠰᠦ ᠠᠪᠬᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠶᠠᠷᠢᠯᠴᠠᠵᠦ ᠰᠠᠨᠠᠯ ᠢᠶᠠᠨ ᠰᠤᠯᠢᠯᠴᠠᠪᠠ᠃
3-20-深化-1.jpg
  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠭᠤᠤᠯ ᠮᠦᠷᠡᠨ ᠨᠠᠭᠤᠷ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠳᠡᠳ᠋ ᠡᠷᠬᠢᠯᠡᠭᠴᠢ ᠯᠢ ᠪᠢᠨ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠰᠦᠨ ᠴᠢᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠤᠯ ᠮᠦᠷᠡᠨ ᠨᠠᠭᠤᠷ ᠤᠨ ᠭᠠᠵᠠᠷ᠂ ᠬᠥᠷᠥᠰᠥ ᠰᠢᠷᠣᠶ ᠶᠢ ᠬᠠᠮᠠᠭᠠᠯᠠᠬᠤ ᠭᠠᠵᠠᠷ᠂ ᠤᠰᠤᠨ ᠤ ᠡᠬᠢ ᠪᠠᠶᠠᠯᠢᠭ ᠤᠨ ᠭᠠᠵᠠᠷ᠂  ᠲᠦᠯᠦᠪᠯᠡᠭᠡ ᠡᠳ᠋ ᠤᠨ ᠶᠠᠪᠤᠳᠠᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠶᠮᠠᠳᠤᠭᠠᠷ ᠪᠠᠶᠢᠴᠠᠭᠠᠬᠤ ᠬᠡᠯᠲᠡᠰ ᠤᠨ ᠬᠤᠯᠪᠣᠭᠳᠠᠯ ᠪᠥᠬᠦᠶ ᠬᠥᠮᠦᠰ ᠰᠠᠭᠤᠳᠠᠯ ᠤᠨ ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠪᠠ᠃  ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠤᠯ ᠮᠦᠷᠡᠨ ᠨᠠᠭᠤᠷ ᠤᠨ ᠭᠠᠵᠠᠷ᠂ ᠤᠰᠤᠨ ᠤ ᠡᠬᠢ ᠪᠠᠶᠠᠯᠢᠭ ᠤᠨ ᠭᠠᠵᠠᠷ ᠤᠨ ᠬᠠᠷᠢᠭᠤᠴᠠᠯᠭᠠᠲᠠᠨ ᠠᠴᠠ ᠪᠠᠶᠢᠴᠠᠭᠠᠬᠤ ᠪᠠᠶᠢᠭᠤᠯᠭ᠎ᠠ ᠲᠠᠢ ᠭᠤᠤᠯ ᠮᠦᠷᠡᠨ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠠᠯ᠎ᠠ ᠶᠢᠨ ᠬᠠᠮᠵᠢᠯᠴᠠᠭ᠎ᠠ ᠥᠷᠨᠢᠭᠦᠯᠦᠭᠰᠡᠨ ᠪᠠᠶᠢᠳᠠᠯ ᠵᠢᠴᠢ 2022 ᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠤᠨ ᠲᠤᠬᠠᠢ ᠰᠡᠷᠡᠮᠵᠢ ᠶᠢᠨ ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ︔ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠶᠮᠠᠳᠤᠭᠠᠷ ᠪᠠᠶᠢᠴᠠᠭᠠᠬᠤ ᠬᠡᠯᠲᠡᠰ ᠤᠨ ᠬᠠᠷᠢᠭᠤᠴᠠᠯᠭᠠᠲᠠᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠦᠶᠯᠡᠴᠢᠯᠡᠭᠡᠨ ᠤ ᠪᠠᠲᠤᠯᠠᠭ᠎ᠠ ᠶᠢᠨ ᠭᠤᠤᠯ ᠮᠦᠷᠡᠨ ᠨᠠᠭᠤᠷ ᠤᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠬᠤᠶᠠᠷ ᠲᠠᠯ᠎ᠠ ᠪᠠᠷ  ᠢᠶᠠᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠳᠤᠨ ᠭᠤᠣᠯ ᠢ ᠬᠢᠨᠠᠨ ᠪᠠᠶᠢᠴᠠᠭᠠᠭᠰᠠᠨ ᠨᠢ ᠰᠡᠷᠡᠮᠵᠢ ᠶᠢᠨ ᠹᠢᠯᠢᠮ ᠤᠨ ᠰᠦᠪᠡᠭᠴᠢ ᠶᠢ ᠰᠤᠳᠤᠯᠤᠨ ᠮᠠᠭᠠᠳᠯᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠸᠠᠨ ᠹᠧᠩ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠳᠤ ᠤᠴᠠᠷᠠᠭᠰᠠᠨ ᠶᠠᠪᠤᠳᠠᠯ ᠢ ᠱᠠᠯᠠᠪᠳᠠᠭᠤᠯᠤᠨ ᠴᠡᠭᠴᠡᠯᠡᠨ ᠵᠠᠰᠠᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠵᠢᠯᠣᠭᠤᠳᠬᠤ ᠴᠢᠨᠠᠷᠲᠠᠢ ᠬᠡᠷᠡᠭ ᠤᠨ ᠵᠢᠱᠢᠶ᠎ᠡ ᠶᠢ ᠬᠠᠮᠲᠤ ᠪᠠᠷ ᠰᠤᠷᠤᠯᠴᠠᠵᠠᠢ᠃
3-20-深化-2.jpg
  ᠯᠢ ᠪᠢᠨ ᠵᠢᠭᠠᠵᠦ ᠭᠠᠷᠭᠠᠬᠤ ᠳᠤ ᠪᠠᠨ᠂ 2018 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠠᠯᠪᠠᠨ ᠭᠡᠷ᠂ ᠤᠰᠤᠨ ᠠᠰᠢᠭᠯᠠᠯᠲᠠ ᠶᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠤᠰᠤᠨ ᠤ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠵᠣᠯᠭᠠᠯᠳᠤᠭᠤᠯᠤᠨ ᠬᠠᠮᠵᠢᠯᠴᠠᠭᠤᠯᠬᠤ ᠪᠠᠷ ᠭᠠᠷᠳᠠᠴᠠ ᠪᠣᠯᠭᠠᠨ᠂ ︽ᠭᠤᠤᠯ ᠮᠦᠷᠡᠨ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠤᠯᠪᠣᠭᠠᠯᠠᠨ ᠬᠥᠳᠡᠯᠦᠯᠴᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠠᠵᠢᠯᠯᠠᠭ᠎ᠠ ᠶᠢ ᠬᠠᠮᠲᠤᠷᠠᠨ ᠦᠷᠨᠢᠭᠦᠯᠦᠨ᠂ ᠴᠢᠳᠠᠪᠤᠷᠢᠲᠠᠨ ᠬᠢᠭᠡᠳ ᠣᠶᠤᠨ ᠤ ᠰᠣᠯᠢᠯᠴᠠᠭ᠎ᠠ ᠶᠢ     ᠭᠦᠨᠵᠡᠭᠡᠶᠢᠷᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠢᠳᠡᠪᠬᠢᠲᠡᠶ ᠦᠷ᠎ᠡ ᠪᠦᠲᠦᠮᠵᠢ ᠪᠠ ᠲᠤᠷᠰᠢᠯᠭ᠎ᠠ ᠠᠷᠭ᠎ᠠ ᠪᠠᠷᠢᠯ ᠢ ᠣᠯᠵᠤ᠂ ᠤᠮᠠᠷᠠᠲᠤ ᠬᠢᠯᠢ ᠶᠢᠨ ᠭᠤᠤᠯ ᠮᠥᠷᠡᠨ ᠨᠠᠭᠤᠷ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠯᠤᠭ᠎ᠠ ᠶᠢᠨ ᠬᠠᠮᠵᠢᠯᠴᠠᠭ᠎ᠠ  ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠣᠨᠴᠠᠯᠢᠭ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠤᠰᠤ ᠰᠠᠪᠠᠯᠠᠭᠰᠠᠨ ᠫᠧᠩᠰᠡ︾ ᠪᠠ ︽ᠫᠧᠩᠰᠡᠨ ᠳᠠᠬᠢ ᠤᠰᠤ︾ ᠶᠢ ᠰᠠᠶᠢᠲᠤᠷ ᠬᠠᠮᠢᠶᠠᠷᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠭᠤᠣᠯ ᠮᠥᠷᠡᠨ ᠨᠠᠭᠤᠷ ᠤᠨ ᠤᠰᠤᠨ ᠴᠠᠷᠠᠭᠠᠨ ᠤ ᠡᠷᠭᠢ ᠳᠠᠭᠠᠤ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠭᠤᠣᠯ ᠮᠥᠷᠡᠨ ᠨᠠᠭᠤᠷ ᠤᠨ ︽ᠲᠦᠷᠪᠡᠨ ᠰᠠᠮᠠᠭᠤᠨ ᠪᠠᠶᠢᠳᠠᠯ ᠢ ᠴᠡᠪᠡᠷᠯᠡᠬᠦ︾ ᠪᠠᠶᠢᠩᠭᠤᠵᠢᠬᠰᠠᠨ ᠵᠢᠷᠤᠮᠵᠢᠭᠤᠯᠤᠯ ᠢ ᠭᠦᠨᠵᠡᠭᠡᠶᠢᠷᠡᠭᠦᠯᠦᠨ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠬᠤ ᠶᠢ ᠶᠡᠷᠦᠩᠬᠡᠶᠢᠯᠡᠨ ᠵᠠᠰᠠᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠵᠤ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠲᠤᠬᠠᠢ ᠬᠠᠤᠯᠢ  ᠬᠡᠷᠡᠭᠵᠢᠭᠦᠯᠬᠦ ᠬᠠᠤᠯᠢ ᠴᠠᠭᠠᠵᠠ ᠶᠢᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠂ ᠠᠵᠢᠯᠲᠠᠨ ᠢᠶᠠᠨ ᠬᠠᠷᠢᠯᠴᠠᠨ ᠲᠣᠮᠢᠯᠠᠵᠤ ᠲᠤᠰᠢᠶᠠᠯ ᠡᠭᠦᠷᠭᠡᠯᠡᠭᠦᠯᠬᠦ ᠶᠢ ᠦᠷᠭᠦᠯᠵᠢᠯᠡᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠣᠯᠪᠠᠰᠤᠷᠠᠯ ᠥᠷᠨᠢᠭᠦᠯᠵᠦ᠂ ᠡᠯ᠎ᠡ ᠱᠠᠲᠤᠨ ᠤ ᠭᠤᠣᠯ ᠮᠥᠷᠡᠨ ᠨᠠᠭᠤᠷ  ᠤᠨ ᠳᠠᠷᠤᠭ᠎ᠠ᠂ ᠪᠠᠶᠢᠴᠠᠭᠠᠬᠤ ᠳᠠᠷᠤᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠤᠶᠤᠨᠲᠤ ᠤᠰᠤᠨ ᠵᠦᠢ  ᠶᠢᠨ ᠲᠤᠭ᠎ᠠ ᠪᠠᠷᠢᠮᠲᠠ ᠪᠣᠯᠤᠨ ᠪᠠᠶᠢᠴᠠᠭᠠᠬᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠤᠰᠤ ᠵᠠᠰᠠᠬᠤ ᠤᠰᠤ ᠠᠷᠪᠢᠯᠠᠬᠤ ︽ᠰᠢᠨ᠎ᠡ ᠬᠥᠳᠡᠯᠭᠡᠭᠦᠷ︾ ᠢ ᠪᠠᠶᠢᠭᠤᠯᠵᠤ᠂ ᠭᠤᠣᠯ ᠮᠥᠷᠡᠨ ᠨᠠᠭᠤᠷ ᠤᠨ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠴᠢᠬᠤᠯᠠᠲᠠᠢ     ᠶᠤᠮ᠃  ᠰᠦᠨ ᠴᠢᠩ ᠵᠢᠶᠧ ᠢᠯᠡᠷᠬᠡᠶᠢᠯᠡᠬᠦ ᠳᠤ ᠪᠠᠨ᠂ ᠬᠤᠶᠠᠷ ᠲᠠᠯ᠎ᠠ ᠪᠠᠷ ᠢᠶᠠᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠭ᠎ᠠ ᠶᠢᠨ ᠲᠣᠭᠤᠷᠢᠨ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠤᠭᠤᠷᠢᠨ ᠤ ᠲᠣᠪᠣᠶᠢᠮ᠎ᠠ ᠠᠰᠠᠭᠤᠳᠠᠯ ᠤᠨ ᠲᠤᠬᠠᠢ ᠰᠡᠷᠡᠮᠵᠢᠯᠡᠭᠦᠯᠬᠦ ᠹᠢᠯᠢᠮ ᠤᠨ ᠰᠦᠪᠡᠭᠴᠢ ᠪᠠᠷ ᠭᠤᠤᠯᠳᠠᠯᠭ᠎ᠠ ᠪᠣᠯᠭᠠᠨ᠂ ᠪᠥᠬᠦ ᠣᠷᠣᠨ ᠤ ᠭᠤᠤᠯ ᠮᠥᠷᠡᠨ ᠨᠠᠭᠤᠷ ᠲᠤ ᠬᠤᠯᠪᠣᠭᠳᠠᠭᠰᠠᠨ ᠲᠣᠪᠣᠶᠢᠮ᠎ᠠ ᠠᠰᠠᠭᠤᠳᠠᠯ ᠢ ᠡᠮᠬᠢᠯᠡᠨ ᠲᠥᠷᠥᠯ ᠬᠤᠪᠢᠶᠠᠵᠤ ᠰᠤᠳᠤᠯᠤᠨ ᠮᠠᠭᠠᠳᠯᠠᠵᠤ᠂ ᠬᠠᠷᠢᠭᠤᠴᠠᠯᠭᠠᠲᠦ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ᠂ ᠴᠢᠬᠤᠯᠠ ᠶᠡᠭᠡ ᠬᠡᠷᠡᠭ ᠢ ᠰᠢᠶᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠵᠢᠯᠴᠠᠬᠤ᠂ ᠬᠥᠨᠳᠡᠯᠡᠨ ᠢᠶᠠᠷ ᠬᠠᠮᠵᠢᠯᠴᠠᠬᠤ ᠶᠢ ᠠᠬᠢᠭᠤᠯᠤᠨ᠂ ᠬᠤᠶᠠᠷ ᠲᠠᠯ᠎ᠠ ᠶᠢᠨ ᠬᠠᠮᠵᠢᠯᠴᠠᠬᠤ ᠲᠦᠪᠰᠢᠨ ᠢ     ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ ᠡᠭᠦᠨ ᠤ ᠬᠠᠮᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠢ ᠤᠬᠠᠭᠤᠯᠤᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠤᠯᠢ ᠰᠤᠷᠬᠤ᠂ ᠬᠠᠤᠯᠢ ᠲᠦᠭᠡᠮᠡᠯᠵᠢᠭᠦᠯᠬᠦ᠂ ᠬᠠᠤᠯᠢ ᠬᠡᠷᠡᠭᠯᠡᠵᠦ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠭᠤᠤᠯ ᠮᠥᠷᠡᠨ ᠨᠠᠭᠤᠷ ᠤᠨ ᠠᠮᠤᠷ ᠲᠦᠪᠰᠢᠨ᠂ ᠠᠮᠢ ᠠᠬᠤᠶ᠂ ᠰᠣᠶᠣᠯ ᠵᠡᠷᠭᠡ ᠡᠭᠦᠷᠭᠡ ᠶᠢᠨ ᠲᠣᠭᠤᠷᠢᠨ ᠳᠤ ᠪᠥᠬᠦ ᠣᠷᠣᠨ ᠤ ᠭᠤᠤᠯ ᠮᠥᠷᠡᠨ ᠨᠠᠭᠤᠷ ᠤᠨ ᠬᠠᠮᠠᠭᠠᠯᠠᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠰᠬᠠᠶ ᠬᠠᠤᠯᠢ ᠲᠣᠭᠲᠠᠭᠠᠯᠲᠠ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠲᠣ ᠶᠢᠨ ᠪᠠᠶᠢᠭ᠎ᠠ ᠲᠦᠷᠢᠮ ᠲᠣᠭᠲᠠᠴᠠ ᠪᠠᠷ ᠰᠠᠭᠤᠷᠢ ᠪᠣᠯᠭᠠᠵᠤ᠂ ︽ᠭᠤᠤᠯ ᠮᠥᠷᠡᠨ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠵᠢᠯᠴᠠᠭᠠᠨ ᠤ ᠦᠷ᠎ᠡ ᠪᠦᠲᠦᠭᠡᠯ ᠢᠶᠠᠨ ᠳᠠᠬᠢᠨ ᠳ᠋ᠦᠩᠨᠡᠵᠦ ᠳᠠᠬᠢᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠦᠶᠯᠡᠳᠦᠯᠭᠡ ᠶᠢᠨ ᠥᠯᠢᠭᠡᠷ ᠬᠡᠪ ᠢ ᠢᠳᠡᠪᠬᠢᠲᠡᠶ ᠨᠡᠮᠡᠷᠢᠯᠡᠬᠦ ᠪᠤᠯᠤᠨ᠎ᠠ ᠭᠡᠵᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号