3 ᠰᠠᠷ᠎ᠠ ᠶᠢᠨ 22 ᠤᠨ ᠡᠳᠦᠷ ᠪᠣᠯ ᠭᠤᠴᠢᠨ ᠨᠢᠭᠡᠳᠦᠭᠡᠷ ᠬᠤᠭᠤᠴᠠᠭᠠᠨ ᠤ ︽ᠳᠡᠯᠡᠬᠡᠶ ᠶᠢᠨ ᠤᠰᠤᠨ ᠤ | ᠡᠳᠦᠷ︾ ᠶᠤᠮ᠃ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ 2023 ᠣᠨ ᠤ ︽ᠳᠡᠯᠡᠬᠡᠶ ᠶᠢᠨ ᠤᠰᠤᠨ ᠤ | ᠡᠳᠦᠷ︾ ᠢ ︽Accelerating Change︾ ︵ᠬᠤᠪᠢᠰᠤᠯᠲᠠ ᠶᠢ ᠲᠦᠷᠭᠡᠳᠭᠡᠬᠦ︶ ᠭᠡᠵᠦ ᠲᠣᠭᠲᠠᠭᠠᠪᠠ᠃ | ᠮᠠᠨ ᠤ ᠤᠯᠤᠰ ᠤᠨ ᠲᠣᠭᠲᠠᠭᠠᠭᠰᠠᠨ ᠭᠤᠤᠯ ᠰᠡᠳᠦᠪ ᠪᠣᠯ ︽ᠬᠠᠤᠯᠢ ᠶᠣᠰᠣᠭᠠᠷ ᠤᠰᠤ ᠵᠠᠰᠠᠬᠤ ᠶᠢ | ᠴᠢᠩᠭᠠᠳᠬᠠᠵᠤ᠂ ᠭᠠᠷ ᠬᠤᠯᠪᠤᠯᠴᠠᠨ ᠡᠬᠡ ᠭᠤᠤᠯ ᠢᠶᠠᠨ ᠬᠠᠮᠲᠤ ᠪᠠᠷ ᠬᠠᠮᠠᠭᠠᠯᠠᠶ᠎ᠠ︾᠃ | | | | | | ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠤᠪᠴᠢᠶᠠᠨ ᠤ ᠤᠰᠤᠨ ᠤ ᠡᠬᠢ ᠪᠠᠶᠠᠯᠢᠭ ᠤᠨ | ᠰᠠᠯᠠᠭ᠎ᠠ᠂ ᠬᠤᠲᠠ ᠶᠢᠨ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠪᠤᠷᠢ ᠠᠩᠭᠢ ᠶᠢᠨ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠶᠡᠭᠡ ᠠᠩᠭᠢ ᠨᠢ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠲᠦᠩᠯᠢᠶᠣᠤ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠲᠠᠢ ᠬᠠᠮᠲᠤᠷᠠᠨ ᠳᠤᠮᠳᠠᠳᠤ ᠤᠯᠤᠰ ᠤᠨ ᠴᠠᠬᠢᠯᠭᠠᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ | ᠤᠨ ᠮᠧᠩ ᠳ᠋ᠦᠩ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠩᠯᠢᠶᠣᠤ ᠶᠢᠨ | ᠴᠠᠬᠢᠯᠭᠠᠨ ᠭᠠᠷᠭᠠᠬᠤ ᠦᠶᠯᠡᠳᠪᠦᠷᠢ ᠳᠤ ᠣᠴᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃ ᠤᠬᠠᠭᠤᠯᠬᠤ | ᠠᠭᠤᠯᠭ᠎ᠠ ᠨᠢ ᠤᠰᠤ ᠠᠪᠬᠤ ᠶᠢ ᠵᠥᠪᠰᠢᠶᠡᠷᠡᠬᠦ ᠬᠠᠮᠢᠶᠠᠷᠤᠯᠲᠠ᠂ ᠤᠰᠤ ᠶᠢ ᠠᠷᠪᠢᠲᠠᠢ ᠬᠡᠷᠡᠭᠯᠡᠬᠦ ᠪᠠ ᠤᠰᠤᠨ ᠤ | ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠭᠤᠤᠯ | ᠪᠣᠯᠭᠠᠵᠠᠢ᠃ | | | | | | ᠤᠬᠠᠭᠤᠯᠬᠤ ᠠᠵᠢᠯᠲᠠᠨ ᠲᠦᠩᠯᠢᠶᠣᠤ ᠶᠢᠨ ᠴᠠᠬᠢᠯᠭᠠᠨ ᠭᠠᠷᠭᠠᠬᠤ ᠦᠶᠯᠡᠳᠪᠦᠷᠢ ᠶᠢᠨ ᠤᠰᠤ ᠰᠢᠶᠳᠪᠦᠷᠢᠯᠡᠬᠦ | ᠲᠠᠰᠤᠭ ᠤᠨ ᠳᠣᠲᠣᠭᠠᠳᠤ ᠳᠤ ᠣᠷᠣᠵᠤ᠂ ᠠᠵᠤ ᠠᠬᠤᠶᠢᠯᠠᠯ ᠤᠨ ᠤᠰᠤ ᠬᠡᠷᠡᠭᠯᠡᠬᠦ ᠤᠰᠤᠨ ᠰᠤᠷᠪᠤᠯᠵᠢ᠂ ᠣᠷᠴᠢᠯ | ᠤᠰᠤ ᠰᠢᠶᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠵᠤ᠂ ᠺᠣᠮᠫᠠᠨᠢ ᠶᠢᠨ ᠦᠶᠯᠡᠳᠪᠦᠷᠢᠯᠡᠯ ᠤᠨ ᠲᠦᠭᠦᠬᠡᠶ ᠤᠰᠤ ᠬᠡᠷᠡᠭᠯᠡᠬᠦ ᠥᠭᠡᠷᠡᠴᠢᠯᠡᠯᠲᠡ ᠶᠢᠨ ᠶᠠᠪᠤᠴᠠ ᠶᠢ | ᠭᠦᠨᠵᠡᠭᠡᠶ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠯᠤᠭ᠎ᠠ ᠤᠰᠤ ᠠᠷᠪᠢᠯᠠᠬᠤ ᠬᠡᠷᠡᠭ ᠤᠨ ᠵᠢᠱᠢᠶ᠎ᠡ ᠪᠠ | ᠲᠤᠷᠰᠢᠯᠭ᠎ᠠ ᠪᠠᠨ ᠰᠣᠯᠢᠯᠴᠠᠵᠤ᠂ ᠠᠵᠤ ᠠᠬᠤᠶᠢᠯᠠᠯ ᠤᠨ ᠤᠰᠤ ᠠᠷᠪᠢᠯᠠᠬᠤ ᠲᠡᠷᠢᠭᠦᠨ ᠤ ᠲᠤᠷᠰᠢᠯᠭ᠎ᠠ ᠶᠢ | ᠢᠳᠡᠪᠬᠢᠲᠡᠶ ᠰᠤᠷᠤᠯᠴᠠᠵᠤ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠴᠦ᠂ ᠤᠰᠤ ᠠᠷᠪᠢᠯᠠᠬᠤ | ᠲᠥᠬᠦᠭᠡᠷᠦᠮᠵᠢ ᠶᠢ ᠬᠡᠷᠡᠭᠯᠡᠬᠦ᠂ ᠤᠰᠤ ᠠᠷᠪᠢᠯᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠵᠣᠷᠢᠭᠵᠢᠭᠤᠯᠪᠠ᠃ | ᠠᠵᠤ ᠠᠬᠤᠶᠢᠯᠠᠯ ᠤᠨ ᠠᠵᠢᠯᠲᠠᠨ ᠳᠤ ᠠᠵᠤ ᠠᠬᠤᠶᠢᠯᠠᠯ ᠤᠨ ᠤᠰᠤ ᠶᠢ ᠠᠷᠪᠢᠲᠠᠢ ᠬᠡᠷᠡᠭᠯᠡᠬᠦ᠂ ᠤᠰᠤᠨ ᠤ ᠡᠬᠢ | ᠪᠠᠶᠠᠯᠢᠭ ᠤᠨ ᠭᠠᠶᠢᠯᠢ ᠲᠤᠰᠢᠶᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠵᠤ᠂ ᠤᠰᠤ ᠠᠪᠬᠤ ᠵᠥᠪᠰᠢᠶᠡᠷᠡᠯ ᠤᠨ ᠭᠦᠶᠴᠡᠳᠬᠡᠬᠦ ᠳᠡᠰ ᠳᠠᠷᠠᠭ᠎ᠠ ᠪᠤᠯᠤᠨ ᠬᠠᠮᠢᠶ᠎ᠠ | ᠪᠥᠬᠦᠶ ᠲᠣᠭᠲᠠᠭᠠᠯ ᠢ ᠲᠠᠶᠢᠯᠪᠤᠷᠢᠯᠠᠵᠤ᠂ ᠠᠵᠤ ᠠᠬᠤᠶᠢᠯᠠᠯ ᠤᠨ ᠠᠵᠢᠯᠲᠠᠨ ᠳᠤ ᠤᠬᠠᠭᠤᠯᠭ᠎ᠠ ᠶᠢᠨ ᠭᠠᠷ ᠳᠡᠪᠲᠡᠷ | ᠵᠢᠴᠢ ᠤᠬᠠᠭᠤᠯᠭ᠎ᠠ ᠶᠢᠨ ᠤᠭᠤᠲᠠ ᠶᠢ ᠲᠠᠷᠬᠠᠭᠠᠨ᠂ ᠠᠵᠤ ᠠᠬᠤᠶᠢᠯᠠᠯ ᠤᠨ ᠠᠵᠢᠯᠲᠠᠨ ᠤ ᠤᠰᠤ ᠠᠷᠪᠢᠯᠠᠬᠤ | ᠬᠠᠯᠠᠭᠤᠨ ᠰᠡᠳᠬᠢᠯᠭᠡ ᠶᠢ ᠳᠠᠶᠢᠴᠢᠯᠠᠪᠠ᠂ ᠤᠬᠠᠭᠤᠯᠭ᠎ᠠ ᠶᠢᠨ ᠠᠭᠤᠯᠭ᠎ᠠ ᠳᠤ ᠪᠠᠰᠠ ᠢᠷᠭᠡᠨ ᠤ ᠬᠠᠤᠯᠢ ᠶᠢᠨ | ᠪᠢᠴᠢᠭ᠂ ᠦᠨᠳᠦᠰᠦᠨ ᠬᠠᠤᠯᠢ ᠵᠡᠷᠭᠡ ᠠᠷᠠᠳ ᠣᠯᠠᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠬᠠᠤᠯᠢ | ᠲᠣᠭᠲᠠᠭᠠᠯ᠂ ᠲᠥᠷᠥ ᠶᠢᠨ ᠪᠣᠳᠣᠯᠭ᠎ᠠ ᠵᠢᠴᠢ ᠠᠷᠠᠳ ᠢᠷᠭᠡᠳ ᠤᠨ ᠤᠰᠤ ᠶᠢ ᠠᠷᠪᠢᠲᠠᠢ ᠬᠡᠷᠡᠭᠯᠡᠬᠦ ᠰᠠᠨᠠᠭᠠᠴᠢᠯᠠᠭ᠎ᠠ | ᠶᠢᠨ ᠪᠢᠴᠢᠭ ᠵᠡᠷᠭᠡ ᠪᠠᠭᠲᠠᠵᠠᠢ᠃ | ᠤᠬᠠᠭᠤᠯᠭ᠎ᠠ ᠶᠢᠨ ᠠᠵᠢᠯᠯᠠᠭ᠎ᠠ ᠶᠢᠨ ᠴᠡᠭ ᠲᠤ ᠪᠠᠰᠠ ︽ᠠᠷᠠᠳ ᠢᠷᠭᠡᠳ ᠤᠨ ᠤᠰᠤ ᠶᠢ ᠠᠷᠪᠢᠯᠠᠨ | ᠬᠡᠷᠡᠭᠯᠡᠬᠦ ᠦᠶᠯᠡ ᠠᠵᠢᠯᠯᠠᠭ᠎ᠠ ᠶᠢᠨ ᠲᠦᠷᠢᠮᠵᠢᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠲᠦᠷᠢᠮ︾ ᠵᠡᠷᠭᠡ ᠬᠠᠤᠯᠢ ᠲᠣᠭᠲᠠᠭᠠᠯ ᠤᠨ ᠭᠠᠷ ᠳᠡᠪᠲᠡᠷ᠂ ᠤᠬᠠᠭᠤᠯᠭ᠎ᠠ ᠶᠢᠨ | ᠮᠠᠲ᠋ᠧᠷᠢᠶᠠᠯ ᠢ ᠲᠠᠷᠬᠠᠭᠠᠪᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠤᠰᠤ ᠠᠷᠪᠢᠯᠠᠬᠤ ᠰᠢᠨ᠎ᠡ | ᠰᠡᠳᠬᠢᠮᠵᠢ᠂ ᠰᠢᠨ᠎ᠡ ᠣᠨᠣᠯᠵᠢᠬᠤᠨ ᠢ ᠤᠬᠠᠭᠤᠯᠵᠤ᠂ ᠤᠰᠤ ᠬᠡᠷᠡᠭᠯᠡᠬᠦ ᠠᠵᠤ ᠠᠬᠤᠶᠢᠯᠠᠯ ᠤᠨ ᠤᠰᠤ ᠠᠷᠪᠢᠯᠠᠬᠤ | ᠲᠤᠬᠠᠢ ᠠᠩᠬᠠᠷᠤᠯ ᠢ ᠤᠯᠠᠮ ᠨᠢᠭᠡ ᠠᠯᠬᠤᠮ ᠨᠡᠮᠡᠭᠳᠡᠬᠦᠯᠵᠦ᠂ ᠠᠵᠤ ᠠᠬᠤᠶᠢᠯᠠᠯ ᠤᠨ ᠤᠰᠤ ᠬᠠᠶᠢᠷᠠᠯᠠᠨ | ᠬᠢᠮᠠᠭᠠᠳᠠᠬᠤ᠂ ᠤᠰᠤ ᠬᠠᠮᠠᠭᠠᠯᠠᠬᠤ᠂ ᠤᠰᠤ ᠠᠷᠪᠢᠯᠠᠬᠤ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠦᠭᠰᠡᠨ | ᠪᠠᠶᠢᠨ᠎ᠠ᠃ | ︵ᠡᠬᠡ ᠨᠤᠤᠷᠠᠭ ᠢ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠤᠪᠴᠢᠶᠠᠨ ᠤ ᠤᠰᠤᠨ ᠤ ᠡᠬᠢ | ᠪᠠᠶᠠᠯᠢᠭ ᠤᠨ ᠰᠠᠯᠠᠭ᠎ᠠ᠂ ᠬᠤᠲᠠ ᠶᠢᠨ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ ᠶᠢᠨ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠶᠡᠭᠡ ᠠᠩᠭᠢ | ᠬᠠᠮᠲᠤᠷᠠᠨ ᠬᠠᠩᠭᠠᠪᠠ︶ | |