ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠨ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/3/24
  ᠰᠦᠨ ᠱᠤᠤ ᠴᠧᠩ  ᠥᠪᠥᠷ ᠮᠣᠩᠭᠤᠯ ᠳᠤ ᠠᠪᠴᠤ ᠬᠡᠯᠡᠪᠡᠯ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠬᠦᠴᠦᠯᠡᠬᠦ ᠴᠡᠭ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠲᠠᠯᠪᠢᠬᠤ ᠬᠡᠷᠡᠭᠲᠡᠢ ᠃  ᠨᠢᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠶᠠᠪᠤᠳᠠᠯ ᠪᠣᠯᠣᠨ᠎ᠠ ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠠᠴᠠ ᠡᠭᠦᠰᠴᠦ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠥᠪᠥᠷ ᠮᠣᠩᠭᠤᠯ ᠤᠨ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠮᠥᠨ ᠃ ᠡᠲᠡᠭᠡᠷ ᠡᠭᠦᠷᠭᠡ ᠶᠢ ᠰᠠᠶᠢᠲᠤᠷ ᠪᠡᠶᠡᠯᠡᠭᠦᠯᠪᠡᠯ ᠂ ᠤᠯᠤᠰ ᠤᠨ ᠶᠡᠭᠡ ᠲᠠᠯ᠎ᠠ ᠳᠤ ᠦᠢᠯᠡᠴᠢᠯᠡᠵᠦ ᠪᠠᠲᠤᠯᠠᠬᠤ ᠲᠠᠯ᠎ᠠ ᠪᠠᠷ ᠬᠢ ᠥᠪᠥᠷ ᠮᠣᠩᠭᠤᠯ ᠤᠨ ᠨᠠᠩ ᠶᠡᠭᠡ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠂ ᠦᠨᠳᠦᠰᠦᠲᠡᠨ ᠤ ᠭᠠᠵᠠᠷ ᠣᠷᠣᠨ ᠢ ᠲᠦᠷᠭᠡᠳᠬᠡᠨ ᠬᠥᠭᠵᠢᠭᠦᠯᠬᠦ ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠨᠠᠩ ᠶᠡᠭᠡ ᠦᠢᠯᠡᠳᠦᠯ ᠦᠵᠡᠭᠦᠯᠵᠦ ᠂ ᠪᠦᠭᠦ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠴᠤ ᠪᠠᠲᠤ ᠴᠢᠩᠭ᠎ᠠ ᠲᠤᠯᠭᠠᠭᠤᠷᠢᠯᠠᠯ ᠲᠠᠢ ᠪᠣᠯᠵᠤ ᠴᠢᠳᠠᠨ᠎ᠠ ᠃  ᠨᠢᠳᠤᠨᠤᠨ ᠠᠴᠠ ᠨᠠᠭᠠᠰᠢ ᠂ ᠪᠢᠳᠡ ᠲᠠᠪᠤᠨ ᠬᠡᠷᠡᠭᠵᠢᠭᠦᠯᠬᠦ ᠲᠥᠰᠥᠯ ᠪᠠ ᠣᠨ ᠤ ᠡᠭᠦᠷᠭᠡ ᠶᠢᠨ ᠨᠠᠷᠢᠨ ᠳᠠᠩᠰᠠ ᠶᠢ ᠰᠤᠳᠤᠯᠤᠨ ᠲᠣᠭᠲᠠᠭᠠᠵᠤ ᠂ ᠠᠵᠢᠯ ᠢ ᠵᠣᠬᠢᠴᠠᠭᠤᠯᠬᠤ ᠪᠠ ᠶᠠᠪᠤᠭᠳᠠᠭᠤᠯᠬᠤ ᠲᠣᠭᠲᠠᠴᠠ ᠶᠢ ᠪᠠᠶᠢᠭᠤᠯᠤᠨ ᠂ ᠬᠢᠨᠠᠨ ᠰᠢᠯᠭᠠᠵᠤ ᠦᠨᠡᠯᠡᠭᠦ ᠠᠷᠭ᠎ᠠ ᠶᠢ ᠨᠡᠶᠢᠲᠡᠯᠡᠵᠦ ᠂ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ ︽ᠲᠠᠪᠤᠨ ᠶᠡᠭᠡ ᠡᠭᠦᠷᠭᠡ ︾  ᠶᠢ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠡ ᠃ ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠦᠶ᠎ᠡ ᠪᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠶᠢᠨ ᠬᠠᠮᠲᠤ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠪᠢᠳᠡᠨ ᠤ ︽ᠲᠠᠪᠤᠨ ᠶᠡᠭᠡ ᠡᠭᠦᠷᠭᠡ ︾  ᠪᠠᠨ ᠭᠦᠨᠵᠡᠭᠡᠢ ᠨᠠᠶᠢᠳᠠᠪᠤᠷᠢᠵᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ︽ᠳᠥᠷᠪᠡᠨ ᠡᠷᠬᠡᠪᠰᠢ ︾ ᠪᠠ ︽ᠵᠠᠶᠢᠯᠠᠰᠢ ᠦᠭᠡᠢ ᠵᠠᠮᠨᠠᠬᠤ ᠵᠠᠮ ︾᠂ ︽ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ︾᠂ ︽ᠵᠠᠶᠢᠯᠠᠰᠢ ᠦᠭᠡᠢ ᠱᠠᠭᠠᠷᠳᠠᠯᠭ᠎ᠠ ︾ ᠂ ︽ᠡᠴᠦᠰ ᠤᠨ ᠵᠣᠷᠢᠯᠭ᠎ᠠ ︾ ᠵᠡᠷᠭᠡ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠴᠢᠨᠠᠷ ᠰᠠᠶᠢᠲᠠᠢ ᠬᠥᠭᠵᠢᠭᠦᠯᠬᠦ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ ᠂ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠤᠳᠤᠯᠤᠨ ᠠᠬᠢᠭᠤᠯᠬᠤ ᠲᠠᠢ ᠤᠶᠠᠯᠳᠤᠭᠤᠯᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠭᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠬᠢᠬᠦ ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠵᠦ ᠂ ᠡᠬᠢ ᠪᠠᠶᠠᠯᠢᠭ ᠢ ᠠᠷᠪᠢᠯᠠᠬᠤ ᠶᠢ ᠴᠢᠩᠭᠠᠳᠬᠠᠵᠤ ᠂ ᠬᠡᠷᠡᠭᠯᠡᠭᠡ ᠂ ᠪᠠᠷᠠᠭᠠᠨ ᠤ ᠭᠦᠢᠯᠭᠡᠭᠡ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠵᠦ ᠂ ᠰᠢᠨ᠎ᠡ ᠡᠨᠧᠷᠭᠢ ᠶᠢᠨ ᠠᠵᠤ ᠦᠢᠯᠡᠰ ᠂ ᠬᠤᠪᠣᠷ ᠰᠢᠷᠣᠢ ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠂ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠢ ᠤᠷᠲᠤᠳᠬᠠᠵᠤ ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠤ ᠂ ︽ᠲᠠᠪᠤᠨ ᠶᠡᠭᠡ ᠡᠭᠦᠷᠭᠡ ︾ ᠶᠢ ᠵᠢᠯ ᠪᠦᠷᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠲᠠᠢ ᠪᠤᠯᠭᠠᠬᠤ ᠶᠢ ᠪᠠᠲᠤᠯᠠᠨ᠎ᠠ ᠃ ᠡᠭᠦᠨ ᠤ ᠬᠠᠮᠲᠤ ᠂ ︽ᠲᠠᠪᠤᠨ ᠶᠡᠭᠡ ᠡᠭᠦᠷᠭᠡ ︾ ᠶᠢᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠭᠡᠯᠪᠡᠷᠢ ᠪᠠᠷ ᠬᠤᠯᠪᠣᠭᠳᠠᠯ ᠪᠦᠬᠦᠢ ᠠᠵᠢᠯ ᠢ ᠲᠣᠭᠲᠠᠪᠤᠷᠢᠵᠢᠭᠤᠯᠵᠤ ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠨ᠎ᠠ ᠃ ᠪᠢᠳᠡᠨ ᠤ ᠬᠠᠷᠠᠯᠲᠠ ᠪᠣᠯ 2025 ᠣᠨ ᠪᠤᠯᠬᠤ ᠳᠤ ᠪᠦᠭᠦ ᠣᠷᠣᠨ ᠤ ᠠᠮᠢ ᠠᠬᠤᠢ ᠶᠢᠨ ᠪᠠᠶᠢᠳᠠᠯ ᠢ ᠤᠯᠠᠮ ᠰᠠᠶᠢᠵᠢᠷᠠᠭᠤᠯᠵᠤ ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ ︾ ᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ ︾  ᠢ ᠨᠠᠩ ᠪᠠᠲᠤ ᠪᠠᠬᠢ ᠪᠠᠶᠢᠭᠤᠯᠵᠤ ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.35 ᠳ᠋ᠦᠩᠰᠢᠭᠤᠷ ᠺᠢᠯᠣᠸᠠᠲ ᠠᠴᠠ ᠳᠠᠪᠠᠭᠤᠯᠵᠤ ᠂ ᠡᠬᠢᠨ ᠤ ᠪᠠ ᠡᠴᠦᠰ ᠤᠨ ᠬᠡᠯᠬᠢᠶᠡᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 1 ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠵᠤ ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠠᠪᠠᠭᠤᠯᠵᠤ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ 2000 ᠲᠦᠮᠡᠨ ᠲᠣᠨ ᠳᠤ ᠬᠦᠷᠭᠡᠵᠦ ᠂ ᠰᠦ ᠮᠢᠬ᠎ᠠ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠪᠠ ᠪᠣᠭᠤᠮᠲᠠ ᠪᠠᠷ ᠪᠠᠷᠠᠭ᠎ᠠ ᠥᠩᠭᠡᠷᠡᠭᠦᠯᠬᠦ ᠬᠡᠮᠵᠢᠶ᠎ᠡ ᠶᠢ ᠨᠡᠮᠡᠭᠳᠡᠭᠦᠯᠵᠦ ᠂ ᠭᠠᠳᠠᠭᠠᠳᠤ ᠠᠷᠠᠯᠵᠢᠶᠠᠨ ᠤ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ ᠃ ᠬᠤᠶᠢᠰᠢᠳᠠ ᠶᠢᠨ ᠬᠡᠳᠦᠨ ᠵᠢᠯ ᠤᠨ ᠪᠣᠭᠤᠮᠲᠠ ᠰᠢᠪᠲᠤᠯᠬᠤ ᠪᠠᠷ ᠳᠠᠮᠵᠢᠨ ᠂ ᠥᠪᠥᠷ ᠮᠣᠩᠭᠤᠯ ᠤᠨ ᠶᠡᠭᠡ ᠲᠠᠯ᠎ᠠ ᠶᠢ ᠪᠠᠲᠤᠯᠠᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠲᠤᠰ ᠪᠡᠶ᠎ᠡ ᠶᠢᠨ ᠬᠥᠭᠵᠢᠯᠲᠡ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ ᠃  ᠨᠥᠭᠦᠭᠡ ᠨᠢᠭᠡ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾  ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ ᠃ ᠡᠨᠡ ᠪᠣᠯ ᠪᠢᠳᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠳᠤᠷᠠᠳᠤᠭᠰᠠᠨ ᠨᠢᠭᠡᠨ ᠰᠢᠨ᠎ᠡ ᠬᠠᠷᠠᠯᠲᠠ ᠮᠥᠨ ᠃ ᠶᠡᠷᠦᠩᠬᠡᠢ ᠪᠣᠳᠣᠯᠬᠢᠯᠠᠯ ᠪᠣᠯ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ︾᠂ ︽ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ ︾᠂ ︽ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠳᠡᠯᠭᠡᠷᠡᠭᠦᠯᠵᠦ ᠂ ᠬᠢᠯᠢ ᠬᠢᠵᠠᠭᠠᠷ ᠢ ᠲᠣᠭᠲᠠᠭᠤᠨ ᠪᠠᠶᠢᠯᠭᠠᠵᠤ ᠥᠨᠢᠳᠡ ᠪᠠᠬᠢᠵᠢᠭᠦᠯᠬᠦ ︾ ᠵᠡᠷᠭᠡ ᠴᠢᠬᠤᠯᠠ ᠱᠠᠭᠠᠷᠳᠠᠯᠭ᠎ᠠ ᠲᠠᠢ ᠪᠦᠭᠦ ᠲᠠᠯ᠎ᠠ ᠪᠠᠷ ᠪᠠᠷᠢᠮᠵᠢᠶᠠᠯᠠᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾  ᠤ ᠠᠭᠤᠯᠤᠭᠳᠠᠬᠤᠨ ᠪᠠ ᠠᠭᠤᠯᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠥᠷᠭᠡᠳᠬᠡᠵᠦ ᠂ ᠭᠤᠣᠯᠳᠠᠯᠭ᠎ᠠ ᠶᠢ ᠳᠣᠪᠤᠶᠢᠯᠭᠠᠵᠤ ᠂ ᠠᠴᠢᠶᠠᠯᠠᠭᠴᠢ ᠶᠢᠨ ᠰᠢᠨ᠎ᠡ ᠶᠢ ᠡᠭᠦᠳᠴᠦ ᠂ ᠭᠠᠷᠳᠠᠴᠠ ᠶᠢ ᠪᠣᠳᠠᠲᠠᠶᠢᠵᠢᠭᠤᠯᠵᠤ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠢᠶᠠᠨ ᠳᠠᠭᠠᠬᠤ ᠂ ᠨᠠᠮ ᠤᠨ ᠲᠥᠪ ᠬᠤᠷᠢᠶ᠎ᠠ  ᠪᠠᠨ ᠳᠠᠭᠠᠬᠤ ᠬᠤᠪᠢᠰᠬᠠᠯᠲᠤ ᠤᠳᠤᠮᠰᠢᠯ ᠢ ᠦᠷᠭᠦᠯᠵᠢᠯᠡᠨ ᠰᠠᠶᠢᠲᠤᠷ ᠵᠠᠯᠭᠠᠮᠵᠢᠯᠠᠵᠤ ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠲᠠᠯ᠎ᠠ ᠶᠢ ᠲᠠᠨᠢᠬᠤ ᠂ ᠪᠦᠭᠦ ᠲᠠᠯ᠎ᠠ ᠶᠢ ᠬᠠᠷᠠᠭᠠᠯᠵᠠᠬᠤ ᠂ ᠬᠡᠪ ᠨᠠᠮᠪᠠ ᠶᠢ ᠡᠷᠭᠢᠮᠯᠡᠭᠦ ᠂ ᠬᠤᠪᠢ ᠨᠡᠮᠡᠷᠢ ᠦᠵᠡᠭᠦᠯᠭᠦ ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠪᠠᠳᠠᠷᠠᠭᠤᠯᠤᠨ ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠲᠣᠭᠤᠷᠢᠨ ᠳᠤ ᠨᠢᠭᠲᠠᠷᠠᠭᠤᠯᠤᠨ ᠪᠦᠯᠬᠦᠮᠳᠡᠭᠦᠯᠵᠦ ᠂ ᠰᠢᠷᠭᠠᠭᠤ ᠠᠵᠢᠯᠯᠠᠵᠤ ᠂ ᠡᠷᠡᠯᠬᠡᠭᠯᠡᠨ ᠤᠷᠤᠭᠰᠢᠯᠠᠵᠤ ᠂ ︽ᠵᠢᠱᠢᠶᠡᠴᠢ ︾  ᠶᠢ ᠡᠯ᠎ᠡ ᠬᠦᠷᠢᠶ᠎ᠡ ᠡᠯ᠎ᠡ ᠲᠠᠯ᠎ᠠ ᠳᠤ ᠢᠯᠡᠷᠡᠭᠦᠯᠭᠦ ᠪᠠᠷ ᠴᠢᠷᠮᠠᠶᠢᠨ᠎ᠠ ᠃  ᠪᠣᠳᠠᠲᠠᠢ ᠶᠠᠷᠢᠪᠠᠯ ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠶᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠡᠨᠡᠷᠢᠯ  ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠴᠤ ᠂ ᠶᠡᠷᠦᠩᠬᠡᠢ ᠱᠦᠵᠢ ᠰᠢ ᠶᠢᠨ ᠫᠢᠩ ᠢ ᠡᠷᠡᠰ ᠲᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠲᠠᠯ᠎ᠠ ᠪᠠᠷ ᠬᠤᠰᠢᠭᠤᠴᠢᠯᠠᠨ ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠂ ᠠᠮᠤ ᠪᠤᠳᠠᠭᠠᠨ ᠤ ᠠᠮᠤᠷ ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠡᠮᠦᠨ᠎ᠡ ᠨᠢ ᠶᠠᠪᠤᠵᠤ ᠂ ᠰᠦᠷᠯᠢᠭ ᠰᠠᠶᠢᠬᠠᠨ ᠡᠶ᠎ᠡ ᠨᠠᠶᠢᠷᠰᠠᠭ ᠡᠨᠡᠷᠢᠩᠭᠦᠢ ᠴᠠᠶᠢᠯᠭᠠᠨ ᠂ ᠢᠲᠡᠭᠡᠮᠵᠢᠲᠦ ᠳᠣᠲᠣᠨᠣᠰᠤᠭ ᠬᠠᠶᠢᠷ᠎ᠠ ᠶᠢ ᠲᠠᠲᠠᠭᠰᠠᠨ ᠥᠪᠥᠷ ᠮᠣᠩᠭᠤᠯ ᠤᠨ ᠳᠦᠷᠢ ᠲᠥᠷᠬᠦ ᠶᠢ ᠱᠤᠭᠤᠬᠤ ᠲᠠᠯ᠎ᠠ  ᠪᠠᠷ ᠬᠠᠮᠲᠤ ᠪᠠᠷ ᠴᠢᠷᠮᠠᠶᠢᠵᠤ ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠂ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠵᠦ ᠂ ︽ᠬᠦᠴᠢᠷ  ᠠᠴᠠ ᠠᠶᠤᠬᠤ ᠦᠭᠡᠢ ᠂ ᠴᠤᠴᠠᠯᠲᠠ ᠦᠭᠡᠢ ᠲᠡᠮᠡᠦᠯᠵᠦ ᠂ ᠵᠣᠷᠢᠭᠰᠠᠨ ᠳᠠᠭᠠᠨ ᠵᠠᠪᠠᠯ ᠬᠦᠷᠬᠦ ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠬᠡᠪ ᠳᠠᠭᠤᠷᠢᠶᠠᠯ ᠦᠵᠡᠭᠦᠯᠵᠦ ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠪᠣᠳᠠᠲᠠᠢ ᠠᠵᠢᠯ ᠬᠢᠨ᠎ᠡ ᠃ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠣᠨ ᠤᠶᠤᠨ ᠤ ᠪᠣᠯᠪᠠᠰᠤᠨ ᠤ ᠪᠠᠶᠢᠭᠤᠯᠤᠯᠲᠠ ᠬᠤᠶᠠᠷ ᠲᠠᠯ᠎ᠠ ᠪᠠᠷ ᠬᠦᠴᠦᠯᠡᠬᠦ ᠪᠠᠷ ᠲᠠᠮᠵᠢᠨ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠭᠡᠬᠦ ᠡᠨᠡ ᠬᠦ ᠠᠯᠳᠠᠨ ᠦᠰᠦᠭᠲᠦ ᠫᠠᠶᠢᠰᠠ ᠶᠢ ᠨᠡᠩ ᠭᠢᠯᠠᠯᠵᠠᠭᠤᠯᠬᠤ ᠂ ᠴᠣ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠨᠡᠩ ᠥᠨᠳᠥᠷ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢᠶᠠᠷ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠤᠮᠠᠷᠠᠲᠤ ᠬᠢᠵᠠᠭᠠᠷ  ᠤᠨ ᠡᠬᠡ ᠭᠠᠵᠠᠷ ᠲᠤ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠪᠠᠶᠢᠳᠠᠯ ᠢ ᠪᠤᠢ ᠪᠤᠯᠭᠠᠵᠤ ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠨ᠎ᠡ ᠃  ︵ ᠵᠣᠬᠢᠶᠠᠭᠴᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠡᠷᠭᠢᠯᠡᠭᠴᠢ ︶  ︵ ᠰᠢᠨᠬᠤᠸᠠ ᠡᠳᠦᠷ ᠪᠦᠷᠢ ᠶᠢᠨ ᠴᠠᠭᠢᠯᠭᠠᠨ ᠮᠡᠳᠡᠭᠡ ᠠᠴᠠ ᠰᠢᠯᠵᠢᠭᠦᠯᠪᠡ ︶   
 
ᠢᠷᠡᠯᠲᠡ᠄ ᠰᠢᠨᠬᠤᠸᠠ ᠡᠳᠦᠷ ᠪᠦᠷᠢ ᠶᠢᠨ ᠴᠠᠬᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号