ᠫᠠᠨ ᠶᠤᠸᠠᠢ ᠮᠠᠨ ᠤ ᠣᠷᠣᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/3/25
  3 ᠰᠠᠷ᠎ᠠ ᠶᠢᠨ 22 ᠠᠴᠠ 24 ᠤ ᠡᠳᠦᠷ ᠪᠤᠯᠲᠠᠯ᠎ᠠ ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠫᠠᠨ ᠶᠤᠸᠠᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠢᠷᠡᠵᠥ ᠪᠠᠶᠢᠴᠠᠭᠠᠨ ᠰᠤᠳᠤᠯᠪᠠ ᠃ ᠲᠡᠷᠡ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠲᠦᠷᠪᠡᠨ ᠢᠲᠡᠭᠡᠯ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠷ᠎ᠠ ᠪᠣᠯᠵᠤ ᠪᠠᠶᠢᠴᠠᠭᠠᠨ ᠰᠤᠳᠤᠯᠪᠠ ᠃  ᠪᠠᠶᠢᠴᠠᠭᠠᠨ ᠰᠤᠳᠤᠯᠬᠤ ᠬᠤᠭᠤᠴᠠᠭᠠᠨ ᠳᠤ ᠂ ᠫᠠᠨ ᠶᠤᠸᠠᠢ ᠨᠠᠷ ᠤᠷᠢᠳ ᠬᠤᠵᠢᠳ ᠭᠦᠭᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠳᠤ ᠬᠦᠷᠴᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠪᠠᠶᠢᠳᠠᠯ ᠢ ᠣᠶᠢᠯᠠᠭᠠᠵᠤ ᠂ ᠺᠠᠳ᠋ᠷ ᠣᠯᠠᠨ ᠲᠦᠮᠡᠨ ᠂ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠭᠦᠭᠡᠬᠤᠲᠠ ᠶᠢᠨ ᠦᠨᠳᠦᠰᠦᠲᠡᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠲᠡᠷᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠨᠢᠳᠦᠨ  ᠳᠤ ᠦᠵᠡᠭᠳᠡᠮ᠎ᠡ ᠂ ᠰᠡᠳᠬᠢᠯ ᠳᠤ ᠰᠠᠭᠤᠭᠳᠠᠮ᠎ᠠ ᠂ ᠭᠠᠷ ᠲᠤ ᠪᠠᠷᠢᠭᠳᠠᠮ᠎ᠠ ᠥᠷᠨᠢᠭᠦᠯᠵᠦ ᠂ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠠᠢ ᠭᠡᠵᠦ ᠵᠢᠭᠠᠵᠤ ᠭᠠᠷᠭᠠᠪᠠ ᠃  ᠫᠠᠨ ᠶᠤᠸᠠᠢ ᠂ ᠦᠨᠳᠦᠰᠦᠲᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠥᠷᠭᠡᠨ ᠳᠡᠯᠭᠡᠷ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠬᠦᠴᠦᠯᠡᠨ ᠰᠠᠶᠢᠲᠤᠷ ᠠᠳᠬᠤᠵᠤ ᠂ ︽ ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ • ᠥᠪᠥᠷ ᠮᠣᠩᠭᠤᠯ ᠤᠨ ᠬᠠᠭᠤᠳᠠᠰᠤ ︾ ᠶᠢ ᠰᠠᠶᠢᠲᠤᠷ ᠨᠠᠶᠢᠷᠠᠭᠤᠯᠵᠤ ᠂ ᠨᠡᠶᠢᠲᠡᠯᠢᠭ ᠴᠢᠨᠠᠷ ᠢ ᠢᠯᠡᠷᠡᠭᠦᠯᠦᠭᠰᠡᠨ ᠰᠣᠶᠣᠯ ᠲᠡᠦᠬᠡ ᠶᠢᠨ ᠡᠬᠢ ᠪᠠᠶᠠᠯᠢᠭ ᠢ ᠠᠭᠤᠳᠠᠯᠤᠨ ᠡᠮᠬᠢᠯᠡᠵᠦ ᠂ ᠪᠦᠭᠦ ᠨᠡᠶᠢᠭᠡᠮ ᠤᠨ ᠵᠥᠪ ᠣᠨᠣᠪᠴᠢᠲᠠᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠤᠢ ᠪᠤᠯᠭᠠᠬᠤ  ᠶᠢ ᠬᠥᠲᠥᠯᠥᠨ ᠵᠢᠯᠤᠭᠤᠳᠴᠤ ᠬᠡᠷᠡᠭᠲᠡᠢ ᠃ ᠳᠤᠮᠳᠠᠳᠤ ᠶᠢᠨ ᠰᠣᠶᠣᠯ ᠬᠢᠭᠡᠳ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ ᠶᠢ ᠵᠥᠪ ᠡᠵᠡᠮᠳᠡᠵᠦ ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠭᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ ᠂ ᠰᠢᠨ᠎ᠡ ᠡᠭᠦᠳᠦᠯᠲᠡ ᠶᠢᠨ ᠴᠢᠨᠠᠷᠲᠠᠢ ᠬᠥᠭᠵᠢᠯᠲᠡ ᠶᠢ ᠠᠬᠢᠭᠤᠯᠵᠤ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠣᠯᠵᠤ ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ ᠥᠷᠨᠢᠭᠦᠯᠵᠦ ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ ᠂ ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ ᠂ ᠬᠦᠦᠳᠠᠭᠤᠯᠠ ᠂ ᠴᠢ᠊ ᠪᠠᠲᠤ ᠠᠵᠢᠯᠯᠠᠭ᠎ᠠ ᠳᠤ ᠣᠷᠣᠯᠴᠠᠵᠠᠢ ᠃   
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号