ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ︽ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ | ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠠᠷᠠᠳ ᠢᠷᠭᠡᠳ ᠤᠨ ᠤᠰᠤ ᠶᠢ ᠠᠷᠪᠢᠯᠠᠨ ᠬᠡᠷᠡᠭᠯᠡᠬᠦ ᠦᠶᠯᠡ ᠠᠵᠢᠯᠯᠠᠭ᠎ᠠ ᠶᠢᠨ ᠵᠢᠷᠤᠮᠵᠢᠯ︾ ᠢ ᠢᠳᠡᠪᠬᠢᠲᠡᠶ | ᠦᠶᠯᠡᠳᠦᠯᠭᠡᠵᠢᠭᠦᠯᠦᠨ᠂ ᠲᠣᠰᠬᠤᠨ ᠤ ᠠᠷᠠᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠤᠰᠤ | ᠠᠷᠪᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ 3 ᠳ᠋ᠤᠭᠠᠷ ᠰᠠᠷ᠎ᠠ ᠶᠢᠨ 3 ᠤ | ᠡᠳᠦᠷ᠂ ᠮᠠᠨ ᠤ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠶᠯᠡᠰ ᠤᠨ | ᠬᠥᠭᠵᠢᠯᠲᠡ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤ ᠤᠰᠤᠨ ᠤ ᠡᠬᠢ ᠪᠠᠶᠠᠯᠢᠭ | ᠤᠨ ᠲᠥᠪ ᠵᠡᠷᠭᠡ ᠨᠢᠭᠡᠴᠢ ᠶᠢ ᠵᠣᠬᠢᠶᠠᠨ ᠪᠠᠶᠢᠭᠤᠯᠵᠤ᠂ ᠬᠥᠬᠡᠬᠤᠲᠠ ᠶᠢᠨ ᠬᠠᠷᠠᠴᠢᠨ ᠲᠣᠰᠬᠤᠨ ᠳᠤ ᠬᠦᠷᠴᠦ᠂ ︽ | ᠤᠰᠤ ᠠᠷᠪᠢᠯᠠᠬᠤ ᠥᠪᠥᠷ ᠮᠣᠩᠭᠤᠯ ᠪᠢᠳᠡ ᠠᠵᠢᠯᠯᠠᠭ᠎ᠠ ᠠᠪᠴᠦ ᠪᠠᠶᠢᠨ᠎ᠠ︾᠂ ︽ᠤᠰᠤ ᠠᠷᠪᠢᠯᠠᠬᠤ ᠤᠬᠠᠭᠤᠯᠭ᠎ᠠ | ᠶᠢ ᠬᠥᠳᠡᠭᠡ ᠲᠣᠰᠬᠤᠨ ᠳᠤ ᠣᠷᠣᠭᠤᠯᠬᠤ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠨᠢᠭᠡᠴᠢ ᠶᠢᠨ ᠲᠥᠯᠥᠭᠡᠯᠡᠭᠴᠢ ᠪᠣᠯᠤᠨ ᠰᠠᠶᠢᠨ | ᠳᠤᠷᠠᠴᠤᠳ ᠬᠠᠮᠲᠤ ᠪᠠᠷ ︽ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ︾ ᠤᠰᠤ ᠠᠷᠪᠢᠯᠠᠬᠤ | ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠬᠥᠮᠦᠨ ᠨᠢᠭᠡᠪᠦᠷᠢ ᠤᠰᠤ ᠶᠢ ᠠᠷᠪᠢᠯᠠᠨ ᠬᠡᠷᠡᠭᠯᠡᠵᠦ᠂ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ | ᠠᠵᠢᠯᠯᠠᠭ᠎ᠠ ᠶᠢ ᠦᠶᠯᠡᠳᠦᠯᠭᠡᠵᠢᠭᠦᠯᠦᠭᠴᠢ ᠪᠣᠯᠬᠤ ᠶᠢ ᠰᠠᠨᠠᠭᠠᠴᠢᠯᠠᠪᠠ᠃ ᠰᠠᠶᠢᠨ ᠳᠤᠷᠠᠴᠤᠳ ᠠᠴᠠ ᠲᠣᠰᠬᠤᠨ ᠤ | ᠠᠷᠠᠳ ᠲᠤ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ | ᠣᠳᠣᠬᠢ ᠪᠠᠶᠢᠳᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ ᠤᠰᠤ ᠠᠷᠪᠢᠯᠠᠬᠤ ᠠᠷᠭ᠎ᠠ ᠮᠠᠶ᠋ᠢᠭ ᠪᠠ ᠠᠷᠭ᠎ᠠ ᠶᠢ | ᠲᠠᠨᠢᠯᠴᠠᠭᠤᠯᠵᠤ᠂ ︽ᠠᠷᠠᠳ ᠢᠷᠭᠡᠳ ᠤᠨ ᠤᠰᠤ ᠶᠢ ᠠᠷᠪᠢᠯᠠᠨ ᠬᠡᠷᠡᠭᠯᠡᠬᠦ ᠦᠶᠯᠡ ᠠᠵᠢᠯᠯᠠᠭ᠎ᠠ ᠶᠢᠨ ᠵᠢᠷᠤᠮᠵᠢᠯ︾ | ᠤᠨ ᠠᠭᠤᠯᠭ᠎ᠠ ᠵᠢᠴᠢ ᠠᠴᠢ ᠬᠤᠯᠪᠣᠭᠳᠠᠯ ᠢ ᠲᠠᠶᠢᠯᠪᠤᠷᠢᠯᠠᠵᠤ᠂ ︽ᠠᠷᠠᠳ ᠢᠷᠭᠡᠳ ᠤᠨ ᠤᠰᠤ ᠶᠢ ᠠᠷᠪᠢᠯᠠᠨ | ᠬᠡᠷᠡᠭᠯᠡᠬᠦ ᠦᠶᠯᠡ ᠠᠵᠢᠯᠯᠠᠭ᠎ᠠ ᠶᠢᠨ ᠵᠢᠷᠤᠮᠵᠢᠯ︾ ᠤᠨ ᠤᠬᠠᠭᠤᠯᠭ᠎ᠠ ᠶᠢᠨ ᠬᠠᠷᠮᠠᠨ ᠪᠢᠴᠢᠭ ᠵᠢᠴᠢ ᠤᠰᠤ ᠠᠷᠪᠢᠯᠠᠬᠤ | ᠲᠡᠮᠳᠡᠭ ᠲᠠᠢ ᠤᠰᠤ ᠠᠷᠪᠢᠯᠠᠬᠤ ᠤᠬᠠᠭᠤᠯᠭ᠎ᠠ ᠶᠢᠨ ᠵᠦᠶᠯᠡᠰ ᠢ ᠲᠠᠷᠬᠠᠭᠠᠪᠠ᠃ ︽ᠤᠰᠤ ᠠᠷᠪᠢᠯᠠᠬᠤ ᠤᠬᠠᠭᠤᠯᠭ᠎ᠠ | ᠶᠢ ᠬᠥᠳᠡᠭᠡ ᠲᠣᠰᠬᠤᠨ ᠳᠤ ᠣᠷᠣᠭᠤᠯᠬᠤ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ | ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ︽ᠤᠰᠤ ᠶᠢ ᠮᠡᠳᠡᠬᠦ᠂ ᠤᠰᠤ ᠶᠢ ᠬᠠᠶᠢᠷᠠᠯᠠᠬᠤ᠂ | ᠤᠰᠤ ᠶᠢ ᠠᠷᠪᠢᠯᠠᠬᠤ᠂ ᠤᠰᠤ ᠶᠢ ᠬᠠᠮᠠᠭᠠᠯᠠᠬᠤ︾ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠤᠰᠤ ᠠᠷᠪᠢᠯᠠᠬᠤ | ᠬᠠᠷᠢᠭᠤᠴᠠᠯᠭ᠎ᠠ ᠶᠢ ᠦᠶᠯᠡᠳᠦᠯᠭᠡᠵᠢᠭᠦᠯᠦᠨ᠂ ᠤᠰᠤ ᠠᠷᠪᠢᠯᠠᠬᠤ ᠵᠢᠱᠢᠶᠡᠴᠢ ᠪᠣᠯᠬᠤ ᠪᠠᠷ ᠴᠢᠷᠮᠠᠶᠢᠬᠤ ᠶᠢ | ᠤᠷᠢᠶᠠᠯᠠᠵᠠᠢ᠃ | |