ᠠᠷᠠᠳ ᠤᠨ ᠡᠳᠦᠷ ᠤᠨ ᠰᠣᠨᠢᠨ᠄ ᠡᠨᠡ ᠵᠢᠯ ᠨᠢᠭᠡᠨᠲᠡ 7 ᠵᠦᠶᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2023/3/31
︽ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ︾  ︵2023 ᠣᠨ ᠤ 3 ᠳ᠋ᠤᠭᠠᠷ ᠰᠠᠷ᠎ᠠ ᠶᠢᠨ 4 ᠤ ᠡᠳᠦᠷ ᠤᠨ 4 ᠳ᠋ᠦ᠋ᠭᠡᠷ ᠨᠢᠭᠤᠷ︶  ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3ᠳ᠋ᠤᠭᠠᠷ ᠰᠠᠷ᠎ᠠ ᠶᠢᠨ 3 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠬᠤᠤ︶ ᠰᠤᠷᠪᠤᠯᠵᠢᠯᠠᠭᠴᠢ ᠶᠢᠨ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ  ᠢᠶᠠᠷ᠂ 3 ᠳ᠋ᠤᠭᠠᠷ ᠰᠠᠷ᠎ᠠ ᠶᠢᠨ 1 ᠤ ᠡᠳᠦᠷ ᠰᠧᠴᠤᠸᠠᠨ ᠮᠤᠵᠢ ᠶᠢᠨ ᠰᠢᠶᠠᠩ ᠵᠢᠶᠠ ᠪᠠ ᠤᠰᠤᠯᠠᠯᠲᠠ ᠶᠢᠨ ᠣᠷᠣᠨ  ᠤ ᠤᠮᠠᠷᠠᠲᠤ ᠶᠡᠷᠦᠩᠬᠡᠶ ᠭᠤᠤᠯ ᠰᠤᠪᠠᠭ ᠤᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠠᠯᠬᠤᠮ ᠤᠨ ᠢᠨᠵᠧᠨᠧᠷᠢᠩ  ᠢ ᠠᠵᠢᠯ ᠡᠬᠢᠯᠡᠭᠦᠯᠦᠭᠰᠡᠨ ᠨᠢ ᠤᠰᠤᠨ ᠠᠰᠢᠭᠯᠠᠯᠲᠠ ᠶᠢᠨ ᠶᠠᠮᠤᠨ ᠤ 2023 ᠣᠨ ᠤ ᠭᠤᠤᠯᠳᠠᠯᠭ᠎ᠠ ᠲᠠᠢ ᠠᠬᠢᠭᠤᠯᠬᠤ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠢᠭᠡ ᠪᠤᠯᠵᠠᠢ᠃ ᠢᠨᠵᠧᠨᠧᠷᠢᠩ ᠨᠢ ᠲᠠᠷᠢᠶᠠᠯᠠᠩ ᠤᠨ ᠤᠰᠤᠯᠠᠯᠲᠠ᠂ ᠬᠤᠲᠠ ᠬᠥᠳᠡᠭᠡ ᠲᠤᠰᠬᠤᠨ ᠤ ᠠᠮᠢᠳᠤᠷᠠᠯ ᠤᠨ ᠤᠰᠤ ᠬᠠᠩᠭᠠᠬᠤ᠂ ᠠᠵᠤ ᠦᠢᠯᠡᠳᠪᠦᠷᠢ ᠶᠢᠨ ᠤᠰᠤ ᠬᠠᠩᠭᠠᠬᠤ ᠪᠠᠷ ᠭᠤᠣᠯ ᠡᠭᠦᠷᠭᠡ ᠪᠤᠯᠭᠠᠭᠰᠠᠨ ᠰᠧᠴᠤᠸᠠᠨ ᠤ ᠭᠤᠣᠯ ᠤᠰᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠶᠤᠮ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠠᠵᠢᠯ ᠤᠨ ᠬᠤᠭᠤᠴᠠᠭ᠎ᠠ ᠨᠢ 48 ᠰᠠᠷ᠎ᠠ᠂ ᠶᠡᠷᠦᠩᠬᠡᠶ ᠪᠠᠯᠠ ᠣᠷᠣᠭᠤᠯᠤᠯᠲᠠ ᠨᠢ 81.3 ᠳ᠋ᠦᠩᠰᠢᠭᠤᠷ ᠲᠥᠭᠦᠷᠢᠭ ᠲᠤ ᠬᠦᠷᠴᠦ᠂ ᠽᠢ ᠭᠦᠩ᠂ ᠨᠸᠢᠢᠵᠢᠶᠠᠩ᠂ ᠯᠦᠵᠸᠦ᠂ ᠢᠪᠢᠨ ᠵᠡᠷᠭᠡ ᠰᠧᠴᠤᠸᠠᠨ ᠤ ᠡᠮᠦᠨᠡᠲᠦ ᠬᠡᠰᠡᠭ ᠤᠨ 4 ᠬᠤᠲᠠ 7 ᠰᠢᠶᠠᠨ ︵ᠲᠣᠭᠤᠷᠢᠭ︶ ᠳᠤ ᠬᠤᠯᠪᠣᠭᠳᠠᠵᠤ᠂ ᠲᠥᠯᠥᠪᠯᠡᠭᠰᠡᠨ ᠤᠰᠤᠯᠠᠯᠲᠠ ᠶᠢᠨ ᠲᠠᠯᠠᠪᠠᠶ ᠨᠢ 147.3 ᠲᠦᠮᠡᠨ ᠮᠥ ᠳᠤ ᠪᠤᠯᠵᠠᠢ᠃  2023 ᠣᠨ ᠠᠴᠠ ᠨᠠᠭᠠᠰᠢ᠂ ᠪᠥᠬᠦ ᠤᠯᠤᠰ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠡᠷᠦᠩᠬᠡᠶ ᠳᠡᠭᠡᠨ ᠤᠷᠤᠭᠰᠢᠲᠠᠶ ᠶᠠᠪᠤᠭᠳᠠᠵᠤ᠂ 7 ᠵᠦᠶᠯ ᠤᠨ ᠢᠨᠵᠧᠨᠧᠷᠢᠩ ᠢ ᠰᠢᠨ᠎ᠡ ᠪᠠᠷ ᠡᠬᠢᠯᠡᠭᠦᠯᠪᠡ᠃ ᠡᠭᠦᠨ ᠤ ᠬᠠᠮᠲᠤ᠂ ᠬᠤᠪᠸᠢ ᠮᠤᠵᠢ ᠶᠢᠨ ᠨᠢᠶᠠᠨ ᠫᠠᠨ ᠱᠠᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠵᠠᠩᠭᠢᠯᠠᠭ᠎ᠠ ᠶᠢᠨ ᠢᠨᠵᠧᠨᠧᠷᠢᠩ ᠨᠢ ᠬᠠᠭᠠᠯᠲᠠ ᠪᠠᠭᠤᠯᠭᠠᠵᠦ ᠤᠰᠤ ᠬᠠᠳᠠᠭᠠᠯᠠᠬᠤ ᠱᠠᠲᠤᠨ ᠤ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠶᠦᠨᠨᠠᠨ ᠤ ᠳᠤᠮᠳᠠ ᠬᠡᠰᠡᠭ ᠤᠨ ᠤᠰᠤ ᠵᠠᠯᠠᠬᠤ ᠢᠨᠵᠧᠨᠧᠷᠢᠩ᠂ ᠱᠠᠨᠰᠢ ᠶᠢᠨ ᠬᠠᠨᠵᠢᠶᠠᠩ ᠮᠥᠷᠡᠨ ᠢ ᠲᠠᠲᠠᠵᠤ ᠸᠧᠢ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠦ ᠪᠤᠢ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号