3 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠪᠥᠬᠦ ᠣᠷᠣᠨ ᠤ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ | ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠳᠠᠬᠢᠨ ᠲᠣᠬᠢᠷᠠᠭᠤᠯᠵᠤ᠂ ᠳᠠᠬᠢᠨ | ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠱᠧᠩ ᠰᠢᠶᠤᠤ ᠶᠢᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠦᠩ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ | ᠵᠠᠩ ᠬᠤᠩ ᠸᠧᠢ᠂ ᠶᠦᠨ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡ ᠤᠰᠤᠨ ᠤ ᠡᠬᠢ | ᠪᠠᠶᠠᠯᠢᠭ ᠤᠨ ᠲᠥᠪ ᠤᠨ ᠡᠷᠬᠢᠯᠡᠭᠴᠢ ᠸᠠᠩ ᠬᠠᠢ ᠵᠢᠶᠦ᠋ᠨ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢ ᠯᠢᠨ᠂ | ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠤ᠋ ᠰᠦᠸᠧ ᠯᠦᠩ ᠬᠤᠷᠠᠯ ᠳᠤ ᠣᠷᠣᠯᠴᠠᠪᠠ᠃ | | | | | | ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠶ | ᠦᠶᠯᠡᠳᠪᠦᠷᠢᠯᠡᠯ ᠤᠨ ᠲᠧᠯᠸᠢᠰ ᠳ᠋ᠢᠶᠠᠩᠬᠤᠸ᠋ᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠲᠠᠯᠪᠢᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ ᠳᠥᠷᠪᠡᠳᠦᠭᠡᠷ ᠤᠯᠠᠷᠢᠯ ᠤᠨ ᠪᠥᠬᠦ | ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠢ | ᠦᠨᠡᠯᠡᠭᠰᠡᠨ ᠦᠷ᠎ᠡ ᠳ᠋ᠦᠩ ᠢ ᠵᠠᠷᠯᠠᠨ ᠮᠡᠳᠡᠭᠳᠡᠪᠡ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠤ ᠶᠠᠭ ᠪᠦᠬᠦ | ᠤᠯᠤᠰ ᠤᠨ ︽ᠬᠤᠶᠠᠷ ᠬᠤᠷᠠᠯ︾ ᠬᠤᠷᠠᠯᠳᠤᠵᠦ ᠪᠠᠶᠢᠭ᠎ᠠ ᠬᠤᠭᠤᠴᠠᠭ᠎ᠠ ᠪᠦᠭᠡᠳ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠵᠦ ᠪᠠᠶᠢᠭ᠎ᠠ ᠴᠠᠭ ᠲᠤᠯᠠ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠲᠠᠭᠤ ᠪᠡᠷᠬᠡ ᠶᠤᠮ᠂ ᠡᠯ᠎ᠡ ᠭᠠᠵᠠᠷ | ᠤᠷᠤᠨ ᠡᠯ᠎ᠡ ᠨᠢᠭᠡᠴᠢ ᠠᠮᠤᠷ ᠲᠦᠪᠰᠢᠨ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠨᠡᠨ ᠬᠦ ᠰᠠᠶᠢᠳᠤᠷ ᠬᠢᠵᠦ᠂ | ᠦᠢᠯᠡᠳᠪᠦᠷᠢᠯᠡᠯ ᠤᠨ ᠠᠮᠤᠷ ᠲᠦᠪᠰᠢᠨ ᠤ ᠭᠡᠨᠡᠳᠡᠯ ᠢ ᠡᠷᠡᠰ ᠬᠤᠷᠢᠭᠯᠠᠬᠤ ᠬᠡᠷᠡᠭᠲᠡᠢ᠃ ᠨᠢᠭᠡ ᠳᠤ᠂ ᠰᠤᠷᠭᠠᠮᠵᠢ | ᠠᠪᠴᠤ ᠭᠦᠨᠵᠡᠭᠡᠢ ᠲᠤᠩᠭᠠᠨ ᠪᠣᠳᠣᠯᠬᠢᠯᠠᠵᠤ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠤᠯᠤᠰ | ᠲᠦᠷᠦ ᠶᠢᠨ ᠬᠠᠷᠢᠭᠤᠴᠠᠯᠭ᠎ᠠ ᠪᠣᠯᠤᠨ ᠤᠯᠤᠰ ᠲᠦᠷᠦ ᠶᠢᠨ ᠡᠭᠦᠷᠭᠡᠯᠡᠯ ᠢ ᠦᠨᠡᠨ ᠬᠦ ᠡᠭᠦᠷᠭᠡᠯᠡᠵᠦ᠂ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ︽ᠠᠮᠤᠷ ᠲᠦᠪᠰᠢᠨ ᠤ ᠬᠥᠪᠴᠢ︾ | ᠶᠢ ᠴᠢᠩᠭ᠎ᠠ ᠠᠴᠠ ᠴᠢᠩᠭ᠎ᠠ ᠴᠢᠩᠭᠠᠯᠠᠵᠤ᠂ ︽ᠬᠠᠷᠢᠭᠤᠴᠠᠯᠭ᠎ᠠ ᠶᠢᠨ ᠬᠡᠯᠬᠢᠶ᠎ᠡ︾ ᠶᠢ ᠴᠢᠩᠭ᠎ᠠ ᠠᠴᠠ ᠴᠢᠩᠭ᠎ᠠ | ᠴᠢᠩᠭᠠᠯᠠᠵᠤ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ︽ᠵᠢᠷᠭᠤᠭᠠᠨ ᠵᠦᠢᠯ ᠤᠨ ᠲᠣᠭᠲᠠᠴᠠ︾ | ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠵᠠᠷᠯᠢᠭ ᠢ ᠰᠣᠨᠣᠰᠤᠮᠠᠭᠴᠠ ᠪᠠᠨ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠮᠤᠷ | ᠲᠦᠪᠰᠢᠨ ᠤ ᠬᠡᠮ ᠰᠣᠭᠤᠭ ᠢ ︽ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ︾ ᠲᠤᠰᠬᠠᠶ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠪᠠᠶᠢᠬᠤ | ᠰᠤᠷᠲᠠᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ︽ᠡᠴᠦᠰ ᠤᠨ | ᠨᠢᠭᠡ ᠮᠧᠲᠷ︾᠂ ︽ᠬᠠᠮᠤᠭ ᠤᠨ ᠪᠠᠭ᠎ᠠ ᠨᠢᠭᠡᠴᠢ︾ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠮᠠᠷᠬᠠᠨ | ᠣᠮᠲᠣᠭᠠᠶᠢᠯᠠᠬᠤ᠂ ᠢᠯᠡᠷᠡᠭᠦᠯᠬᠦ ᠳᠤ ᠬᠦᠴᠢᠷᠲᠡᠶ᠂ ᠡᠭᠦᠰᠴᠦ ᠮᠡᠳᠡᠬᠦ ᠠᠶᠤᠯ ᠲᠦᠭᠰᠢᠭᠦᠷᠢ ᠶᠢ ᠨᠠᠷᠢᠨ ᠴᠡᠪᠡᠷᠯᠡᠨ | ᠠᠷᠢᠯᠭᠠᠵᠤ᠂ ᠲᠤᠶᠢᠯᠪᠤᠷᠢᠲᠠᠶ ᠵᠢᠭᠰᠠᠭᠠᠨ ᠭᠠᠷᠭᠠᠵᠤ᠂ ᠨᠠᠷᠢᠨ ᠲᠠᠩᠰᠠ ᠭᠠᠷᠭᠠᠨ᠂ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ ᠭᠤᠷᠪᠠ ᠳᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠡᠩ ᠴᠢᠩᠭ᠎ᠠ ᠨᠡᠩ ᠨᠠᠷᠢᠨ | ᠪᠣᠳᠠᠲᠠᠢ ᠨᠠᠶᠢᠳᠠᠪᠤᠷᠢᠵᠢᠭᠤᠯᠵᠤ᠂ ᠭᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠠᠭᠤᠷᠠᠢ ᠭᠠᠵᠠᠷ ᠣᠷᠣᠨ ᠪᠣᠯᠤᠨ | ᠵᠠᠩᠭᠢᠯᠠᠭ᠎ᠠ ᠶᠢᠨ ᠭᠤᠭᠴᠤᠭ᠎ᠠ ᠳᠤ ︽ᠡᠷᠬᠢᠨ ᠬᠠᠷᠠᠵᠤ ᠦᠵᠡᠬᠦ︾᠂ ︽ᠴᠢᠩᠭᠠᠳᠬᠠᠬᠤ ᠵᠡᠭᠦᠦ︾ ᠨᠡᠮᠡᠨ ᠲᠠᠯᠪᠢᠵᠤ᠂ | ︽ᠲᠤᠰᠬᠠᠢ ᠵᠢᠵᠢᠭ ᠵᠤᠤᠬ᠎ᠠ︾ ᠭᠠᠷᠭᠠᠵᠦ᠂ ᠢᠯᠠᠩᠭᠤᠶ᠎ᠠ ᠤᠯᠠᠨ ᠬᠥᠮᠦᠨ ᠠᠮᠠᠷᠬᠠᠨ ᠠᠳᠡᠵᠦ ᠰᠢᠷᠬᠠᠳᠤᠵᠦ | ᠮᠡᠳᠡᠬᠦ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠫᠠᠶᠢᠰᠠ ᠡᠯᠭᠦᠨ ᠱᠠᠯᠠᠪᠳᠠᠭᠤᠯᠤᠨ | ᠰᠢᠢᠳᠪᠦᠷᠢᠯᠡᠵᠦ᠂ ᠲᠤᠰᠬᠠᠢ ᠴᠡᠭᠴᠡᠯᠡᠨ ᠵᠠᠰᠠᠵᠤ᠂ ᠵᠦᠢᠯ ᠵᠤᠷᠪᠤᠰ ᠳᠠᠷᠠᠭᠠᠯᠠᠨ ᠨᠢᠭᠡᠪᠦᠷᠢᠴᠢᠯᠡᠨ ᠰᠢᠢᠳᠪᠦᠷᠢᠯᠡᠬᠦ | ᠬᠡᠷᠡᠭᠲᠡᠢ ᠭᠡᠵᠡᠢ᠃ | | | | | | ᠬᠤᠷᠠᠯ ᠠᠴᠠ ᠪᠠᠰᠠ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠲᠣᠭᠲᠠᠭᠤᠨ | ᠪᠠᠶᠢᠳᠠᠯ ᠢ ᠬᠠᠮᠠᠭᠠᠯᠠᠬᠤ ᠠᠵᠢᠯ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ | ᠠᠬᠢᠴᠠ ᠶᠢ ᠲᠦᠷᠭᠡᠨ ᠠᠬᠢᠭᠤᠯᠬᠤ ᠪᠣᠯᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠵᠦᠢᠯ ᠵᠡᠷᠭᠡ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ | ᠬᠢᠪᠠ᠃ | ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠠᠶᠤᠯᠭᠦᠢ ᠦᠶᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠪᠥᠬᠦ | ᠪᠦᠷᠢᠯᠳᠦᠬᠦᠨ ᠭᠤᠤᠯ ᠬᠤᠷᠠᠯ ᠤᠨ ᠲᠠᠯᠠᠪᠠᠶ ᠳᠤ᠂ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ | ᠶᠠᠪᠤᠳᠠᠯ︶ ᠶᠢᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠨᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ | ᠣᠷᠣᠯᠴᠠᠵᠠᠶ᠃ | | |