ᠪᠠᠷᠠᠭᠤᠨ ᠯᠢᠶᠤᠤᠾᠧ ᠭᠤᠤᠯ ᠤᠨ ᠠᠮᠢ ᠠᠬᠤᠶ ᠶᠢᠨ ᠤᠰᠤᠨ ᠤ ᠬᠡᠮᠵᠢᠶᠡᠨ ᠤ ᠲᠣᠬᠢᠷᠠᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2023/3/9
  ᠤᠰᠤᠨ ᠠᠰᠢᠭᠯᠠᠯᠲᠠ ᠶᠢᠨ ᠶᠠᠮᠤᠨ᠂ ᠰᠤᠩᠭᠠᠷᠢ ᠮᠥᠷᠡᠨ ᠯᠢᠶᠣᠤᠾᠧ ᠭᠤᠤᠯ ᠤᠨ ᠨᠠᠮ ᠤᠨ ᠬᠤᠷᠢᠶᠠᠨ ᠤ ᠵᠢᠯᠣᠭᠤᠳᠣᠯᠭ᠎ᠠ ᠪᠠ ᠳᠡᠮᠵᠢᠯᠭᠡ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠬᠠᠪᠤᠷ ᠤᠨ ᠤᠯᠠᠷᠢᠯ ᠤᠨ ᠮᠥᠰᠥ ᠴᠠᠰᠤᠨ ᠤ ᠬᠠᠶᠢᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ 3 ᠳ᠋ᠤᠭᠠᠷ ᠰᠠᠷ᠎ᠠ ᠶᠢᠨ 1 ᠤ ᠡᠳᠦᠷ ᠲᠣᠬᠢᠷᠠᠭᠤᠯᠤᠯᠲᠠ ᠬᠢᠬᠦ ᠵᠠᠷᠯᠢᠭ ᠪᠠᠭᠤᠯᠭᠠᠵᠤ᠂ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠡᠯ᠎ᠡ ᠰᠠᠯᠪᠤᠷᠢ ᠤᠷᠤᠰᠬᠠᠯ ᠳᠤ ︽ᠪᠥᠬᠦ ᠱᠤᠭᠤᠮ ᠢᠶᠠᠷ ᠢᠶᠠᠨ ᠠᠮᠠ ᠬᠠᠭᠠᠵᠤ᠂ ᠲᠥᠪᠯᠡᠷᠡᠭᠦᠯᠦᠨ ᠳᠣᠷᠣᠭᠰᠢ ᠪᠠᠭᠤᠯᠭᠠᠬᠤ︾ ᠶᠢ ᠬᠡᠷᠡᠭᠵᠢᠭᠦᠯᠬᠦ ᠶᠢᠨ ᠬᠠᠮᠲᠤ ᠲᠤᠬᠠᠶ ᠶᠢᠨ ᠴᠠᠭ ᠲᠤᠨᠢ ᠲᠣᠬᠢᠷᠠᠭᠤᠯᠤᠯᠲᠠ ᠬᠢᠬᠦ ᠪᠠ ᠮᠥᠷᠳᠡᠨ ᠬᠢᠨᠠᠯᠲᠠ ᠲᠠᠯᠪᠢᠵᠤ ᠬᠢᠨᠠᠨ ᠰᠢᠨᠵᠢᠬᠦ ᠶᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠭᠤᠤᠯᠳᠠᠯᠭ᠎ᠠ ᠲᠠᠢ ᠤᠭᠳᠤᠯᠤᠯᠴᠠᠯ ᠤᠨ ᠬᠡᠰᠡᠭ ᠤᠨ ᠤᠰᠤᠨ ᠤ ᠬᠡᠮᠵᠢᠶ᠎ᠡ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠴᠢᠬᠤᠯᠠ ᠤᠭᠳᠤᠯᠤᠯᠴᠠᠯ ᠤᠨ ᠬᠡᠰᠡᠭ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠢ ᠭᠡᠵᠡᠢ᠃ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠢ ᠲᠤᠬᠠᠶ ᠶᠢᠨ ᠲᠤᠬᠢᠷᠠᠭᠤᠯᠤᠯᠲᠠ ᠶᠢᠨ ᠭᠠᠵᠠᠷ ᠢ ᠬᠢᠨᠠᠨ ᠬᠠᠮᠢᠶᠠᠷᠬᠤ ᠨᠢᠭᠡᠴᠢ ᠪᠠᠷ ᠲᠤᠮᠢᠯᠠᠵᠦ᠂ ᠲᠤᠬᠠᠶ ᠶᠢᠨ ᠭᠠᠵᠠᠷ ᠤᠨ ᠬᠢᠨᠠᠯᠲᠠ ᠲᠠᠯᠪᠢᠬᠤ ᠪᠠ ᠲᠤᠭ᠎ᠠ ᠪᠦᠷᠢᠳᠬᠡᠯ ᠬᠢᠬᠦ ᠠᠵᠢᠯ ᠢ ᠴᠢᠩᠭᠠᠳᠬᠠᠭᠰᠠᠨ ᠪᠦᠭᠡᠳ ᠤᠷᠤᠰᠬᠠᠯ ᠳᠠᠭᠠᠤ ᠶᠢᠨ ᠠᠶᠢᠮᠠᠭ ᠬᠤᠲᠠ ᠬᠤᠰᠢᠭᠤ ᠰᠢᠶᠠᠨ ᠲᠣᠭᠤᠷᠢᠨ ᠬᠠᠮᠠᠭᠠᠯᠠᠬᠤ ᠠᠵᠢᠯ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠵᠢᠴᠢ ᠤᠰᠤ ᠲᠤᠬᠢᠷᠠᠭᠤᠯᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 3 ᠳ᠋ᠤᠭᠠᠷ ᠰᠠᠷ᠎ᠠ ᠶᠢᠨ 9 ᠤ ᠡᠳᠦᠷ ᠤᠨ 8 ᠴᠠᠭ ᠪᠣᠯᠲᠠᠯ᠎ᠠ᠂ ᠲᠣᠰ ᠤᠳᠠᠭ᠎ᠠ ᠶᠢᠨ ᠲᠤᠬᠢᠷᠠᠭᠤᠯᠤᠯᠲᠠ ᠨᠢ ᠲᠦᠩᠯᠢᠶᠣᠤ ᠬᠤᠲᠠ ᠶᠢᠨ ᠶᠡᠷᠦᠩᠬᠡᠶ ᠠᠯᠪᠠᠨ ᠬᠡᠷ  ᠤᠨ ᠸᠧ ᠪᠣᠣ ᠶᠢᠨ ᠬᠦᠶᠰᠦ ᠣᠷᠣᠨ ᠤ ᠤᠰᠤ ᠢᠷᠡᠭᠰᠡᠨ ᠶᠡᠷᠦᠩᠬᠡᠢ ᠬᠡᠮᠵᠢᠶ᠎ᠡ ᠶᠢ 182.9 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠭᠠᠵᠦ᠂ ᠤᠰᠤᠨ ᠶᠡᠷᠦᠩᠬᠡᠶ ᠠᠯᠪᠠᠨ ᠬᠡᠷ ᠤᠨ ᠸᠧ ᠪᠣᠣ ᠶᠢᠨ ᠬᠦᠶᠰᠦ ᠣᠷᠣᠨ ᠤ ᠳᠣᠤᠷᠠᠳᠤ ᠤᠷᠤᠰᠬᠠᠯ ᠤᠨ 20 ᠺᠢᠯᠣᠮᠧᠲᠷ ᠲᠤ ᠬᠦᠷᠭᠡᠭᠡᠳ᠂ ᠪᠠᠷᠠᠭᠤᠨ ᠯᠢᠶᠤᠤᠾᠧ ᠭᠤᠤᠯ ᠤᠨ ᠭᠤᠤᠯ ᠤᠷᠤᠰᠬᠠᠯ ᠤᠨ ︽ᠤᠰᠤ ᠲᠠᠢ︾ ᠭᠤᠤᠯ ᠤᠨ ᠬᠡᠰᠡᠭ ᠢ 94 ᠺᠢᠯᠣᠮᠧᠲᠷ ᠪᠣᠯᠭᠠᠨ ᠤᠷᠲᠤᠳᠬᠠᠪᠠ᠂ ᠡᠨᠡ ᠨᠢ 2022 ᠣᠨ ᠤ ᠬᠢ ᠠᠴᠠ 2 ᠺᠢᠯᠣᠮᠧᠲᠷ ᠤᠷᠲᠦ ᠪᠤᠯᠤᠭᠰᠠᠨ ᠪᠦᠭᠡᠳ ᠣᠳᠣᠬᠠᠨ ᠳᠤ ᠤᠰᠤᠨ ᠲᠦᠷᠢᠯᠭᠡ ᠨᠢ ᠤᠳᠤᠬᠠᠨ ᠳᠤ ᠦᠷᠭᠦᠯᠵᠢᠯᠡᠨ ᠳᠤᠤᠷᠠᠲᠦ ᠤᠷᠤᠰᠬᠠᠯ ᠵᠦᠭ ᠶᠠᠪᠤᠵᠦ ᠪᠠᠶᠢᠨ᠎ᠠ᠃
西辽河.jpg
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号