2023 ᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠦᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ ᠲᠥᠯᠥᠪᠯᠡᠭᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/4/14
ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ  ᠤᠳ᠄  ︽ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ︾ ︵ᠤᠰᠤᠨ ᠤ ᠬᠢᠨᠠᠨ ᠬᠠᠮᠢᠶᠠᠷᠤᠯᠲᠠ ﹇ 2022 ﹈ 326 ᠳ᠋ᠤᠭᠠᠷ ᠲᠣᠭᠠᠲᠤ︶  ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠲᠣ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ︵ᠪᠠᠷᠢᠯᠭ᠎ᠠ ᠶᠢᠨ ᠠᠵᠢᠯ ᠤᠨ ᠶᠡᠷᠦᠩᠬᠡᠶ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ ᠪᠠ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ ᠲᠠᠢ ᠪᠠᠷᠢᠯᠭ᠎ᠠ  ᠶᠢᠨ ᠠᠵᠤ ᠠᠬᠤᠶᠢᠯᠠᠯ ᠢ ᠪᠠᠭᠲᠠᠭᠠᠨ᠎ᠠ︶ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵ᠳᠣᠷᠣᠭᠰᠢ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠭᠡᠵᠦ ᠲᠣᠪᠴᠢᠯᠠᠨ᠎ᠠ︶  ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠰᠢᠯᠭᠠᠯᠲᠠ ᠶᠢᠨ ᠠᠭᠤᠯᠭ᠎ᠠ  ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ ᠠᠭᠤᠯᠭ᠎ᠠ ᠳᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠪᠣᠯᠤᠨ ᠬᠠᠮᠢᠶᠠᠷᠤᠯᠲᠠ ᠶᠢᠨ ᠴᠢᠳᠠᠪᠤᠷᠢ ᠬᠤᠶᠠᠷ ᠬᠡᠰᠡᠭ ᠪᠠᠭᠲᠠᠨ᠎ᠠ᠃ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠳᠤ᠄ ᠠᠶᠤᠯᠭᠦᠶ ᠦᠢᠯᠡᠳᠪᠦᠷᠢᠯᠡᠯ ᠤᠨ ᠠᠵᠢᠯ ᠤᠨ ᠦᠨᠳᠦᠰᠦᠨ ᠴᠢᠭᠯᠡᠯᠲᠡ ᠲᠥᠷᠥ ᠶᠢᠨ ᠪᠣᠳᠣᠯᠭ᠎ᠠ᠂ ᠠᠶᠤᠯᠭᠦᠶ ᠦᠢᠯᠡᠳᠪᠦᠷᠢᠯᠡᠯ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠪᠣᠯᠤᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠳᠦᠷᠢᠮ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠤᠨ ᠮᠡᠷᠭᠡᠵᠢᠯ ᠵᠡᠷᠭᠡ ᠪᠠᠭᠲᠠᠨ᠎ᠠ᠃ ᠬᠠᠮᠢᠶᠠᠷᠤᠯᠲᠠ ᠶᠢᠨ ᠴᠢᠳᠠᠪᠤᠷᠢ ᠳᠤ᠄ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠵᠤ ᠦᠨᠡᠯᠡᠨ ᠵᠢᠱᠢᠬᠦ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠠᠳᠡᠯ ᠢ ᠮᠡᠳᠡᠭᠦᠯᠬᠦ ᠪᠠ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ᠃  ᠨᠡᠷ᠎ᠡ ᠮᠡᠳᠡᠭᠦᠯᠦᠨ ᠰᠢᠯᠭᠠᠬᠤ ᠲᠥᠷᠥᠯ ᠵᠦᠶ᠋ᠯ ᠨᠢ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠵᠡᠷᠭᠡ ᠭᠤᠷᠪᠠᠨ ᠲᠥᠷᠥᠯ ᠪᠣᠯᠤᠨ᠎ᠠ᠃  ᠬᠤᠶᠠᠷ᠂ ᠰᠢᠯᠭᠠᠬᠤ ᠴᠠᠭ ᠵᠢᠴᠢ ᠠᠷᠭ᠎ᠠ ᠮᠠᠶ᠋ᠢᠭ  2023 ᠣᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠶᠢ 2 ᠤᠳᠠᠭ᠎ᠠ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠣᠶ᠂ ᠰᠢᠯᠭᠠᠯᠲᠠ ᠶᠢᠨ ᠴᠠᠭ ᠢ 6 ᠳ᠋ᠤᠭᠠᠷ ᠰᠠᠷ᠎ᠠ᠂ 11 ᠳ᠋ᠦ᠋ᠭᠡᠷ ᠰᠠᠷ᠎ᠠ ᠳᠤ ᠲᠣᠬᠢᠷᠠᠭᠤᠯᠤᠨ᠎ᠠ᠂ ᠰᠢᠯᠭᠠᠯᠲᠠ ᠶᠢᠨ ᠠᠷᠭ᠎ᠠ ᠮᠠᠶ᠋ᠢᠭ ᠨᠢ ᠲᠤᠬᠠᠶ ᠶᠢᠨ ᠲᠠᠯᠠᠪᠠᠢ ᠶᠢᠨ ᠮᠠᠰᠢᠨ ᠢᠶᠠᠷ ᠲᠥᠪᠯᠡᠷᠡᠩᠭᠦᠶ ᠰᠢᠯᠭᠠᠬᠤ ᠪᠠ ᠰᠦᠯᠵᠢᠶᠡᠨ ᠳᠡᠭᠡᠷ᠎ᠡ ᠰᠢᠯᠭᠠᠬᠤ ᠵᠡᠷᠭᠡ ᠠᠷᠭ᠎ᠠ ᠮᠠᠶ᠋ᠢᠭ ᠪᠣᠯᠤᠨ᠎ᠠ᠂ ᠪᠣᠳᠠᠲᠠᠶ ᠰᠢᠯᠭᠠᠬᠤ ᠴᠠᠭ᠂ ᠠᠷᠭ᠎ᠠ ᠮᠠᠶ᠋ᠢᠭ᠂ ᠭᠠᠵᠠᠷ ᠢ ᠳᠠᠬᠢᠵᠤ ᠮᠡᠳᠡᠭᠳᠡᠨ᠎ᠡ ︵ᠰᠢᠯᠭᠠᠯᠲᠠ ᠶᠢᠨ ᠮᠡᠳᠡᠭᠳᠡᠯ ᠢ 20 ᠠᠵᠢᠯ ᠤᠨ ᠡᠳᠦᠷ ᠠᠴᠠ ᠡᠮᠦᠨ᠎ᠡ ᠨᠡᠶᠢᠲᠡᠯᠡᠨ᠎ᠡ︶᠃  ᠭᠤᠷᠪᠠ᠂ ᠪᠤᠰᠤᠳ ᠵᠦᠢᠯ  ︵ᠨᠢᠭᠡ︶ ᠰᠢᠯᠭᠠᠯᠲᠠ ᠳᠤ ᠶᠠᠮᠠᠷ ᠴᠤ ᠰᠦᠶ᠋ᠳᠬᠡᠯ ᠬᠤᠷᠢᠶᠠᠬᠤ ᠥᠬᠡᠶ᠃  ︵ᠬᠤᠶᠠᠷ︶ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠭᠤᠶᠤᠴᠢᠯᠠᠬᠰᠠᠨ ᠬᠥᠮᠦᠨ ᠨᠢ ᠴᠠᠭ ᠲᠤᠬᠠᠶ ᠳᠤᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠰᠦᠯᠵᠢᠶ᠎ᠡ ᠳᠤ ᠭᠠᠷᠴᠤ ᠦᠨᠡᠮᠯᠡᠯ ᠢᠶᠠᠨ ᠭᠤᠶᠤᠴᠢᠯᠠᠨ ᠠᠪᠬᠤ ᠬᠡᠷᠡᠭᠲᠡᠶ᠃  ᠬᠠᠷᠢᠯᠴᠠᠬᠤ ᠬᠥᠮᠦᠨ᠄ ᠶᠠᠩ ᠢᠦᠶ ᠬᠤᠸᠠ  ᠬᠠᠷᠢᠯᠴᠠᠬᠤ ᠤᠲᠠᠰᠤ᠄ 0471-5259382       2023 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号