ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ᠶᠢᠨ ︵ᠤᠰᠤᠨ ᠤ ᠶᠠᠪᠤᠳᠠᠯ︶ ᠤᠨ ᠲᠣᠪᠴᠢᠶ᠎ᠠ᠂ ᠲᠢᠩᠬᠢᠮ ᠤᠨ | ᠬᠠᠷᠢᠶ᠎ᠠ ᠡᠯ᠎ᠡ ᠨᠢᠭᠡᠴᠢ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠳᠤ᠄ | ᠤᠰᠤᠨ ᠠᠰᠢᠭᠯᠠᠯᠲᠠ ᠶᠢᠨ ᠠᠵᠢᠯ ᠲᠥᠷᠥᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ | ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ | ᠲᠥᠷᠦᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ ︵ᠳᠣᠷᠣᠭᠰᠢ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ | ᠭᠡᠵᠦ ᠲᠣᠪᠴᠢᠯᠠᠨ᠎ᠠ︶ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠡᠯᠧᠺᠲᠷᠤᠨ ᠬᠢᠷᠢ ᠲᠡᠩᠴᠡᠭᠰᠡᠨ | ᠦᠨᠡᠮᠯᠡᠯ ᠢ ᠬᠡᠷᠡᠭᠯᠡᠬᠦ ᠲᠤᠬᠠᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ | ᠬᠢᠨᠠᠨ ᠰᠢᠯᠭᠠᠯᠲᠠ ᠶᠢᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠬᠤ | 2023 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠳᠠᠩᠰᠠᠯᠠᠭᠤᠯᠤᠭᠰᠠᠨ ᠶᠡᠷᠦᠩᠬᠡᠶ ᠳᠠᠭᠠᠭᠠᠴᠢᠯᠠᠯᠲᠠ ᠵᠢᠴᠢ ᠲᠤᠰᠬᠠᠶᠢᠯᠠᠬᠰᠠᠨ ᠠᠵᠢᠯ ᠤᠨ | ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ ᠳᠣᠷᠣᠭᠰᠢᠬᠢ ᠬᠢᠷᠢ | ᠬᠡᠮ ᠪᠥᠬᠦᠢ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠡᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠠᠶᠤᠯᠭᠦᠢ ᠦᠢᠯᠡᠳᠪᠦᠷᠢᠯᠡᠯ ᠤᠨ ᠬᠢᠨᠠᠨ | ᠰᠢᠯᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠬᠤ ᠳᠤ᠂ ᠬᠢᠨᠠᠨ ᠰᠢᠯᠭᠠᠯᠲᠠ ᠳᠤ | ᠬᠢᠷᠢ ᠲᠡᠩᠴᠡᠭᠰᠡᠨ ᠪᠠᠶᠢᠪᠠᠯ ᠴᠥᠮ ᠡᠯᠧᠺᠲᠷᠤᠨ ᠦᠨᠡᠮᠯᠡᠯ ᠣᠯᠭᠤᠵᠤ᠂ ᠴᠠᠭᠠᠰᠤᠨ ᠪᠠᠷ ᠤᠨ ᠦᠨᠡᠮᠯᠡᠯ ᠢ ᠳᠠᠭᠢᠵᠤ | ᠬᠢᠨᠠᠨ ᠣᠯᠭᠤᠬᠤ ᠥᠬᠡᠶ᠃ | ᠬᠤᠶᠠᠷ᠂ ᠴᠠᠭᠠᠰᠤᠨ ᠪᠠᠷ ᠤᠨ ᠦᠨᠡᠮᠯᠡᠯ ᠢᠶᠠᠨ ᠡᠯᠧᠺᠲᠷᠤᠨ ᠦᠨᠡᠮᠯᠡᠯ ᠢᠶᠠᠷ ᠰᠤᠯᠢᠬᠤ ᠪᠠᠷ ᠭᠤᠶᠤᠴᠢᠯᠠᠬᠤ | ᠬᠦᠴᠦᠨ ᠲᠠᠢ ᠬᠤᠭᠤᠴᠠᠭᠠᠨ ᠳᠠᠬᠢ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ | ᠴᠠᠭᠠᠰᠤᠨ ᠪᠠᠷ ᠤᠨ ᠦᠨᠡᠮᠯᠡᠯ ᠲᠠᠢ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ 4 ᠳ᠋ᠦ᠋ᠭᠡᠷ | ᠰᠠᠷ᠎ᠠ ᠶᠢᠨ 13 ᠤ ᠡᠳᠦᠷ ᠠᠴᠠ ᠡᠬᠢᠯᠡᠨ ᠮᠠᠨ ᠤ ᠲᠢᠩᠬᠢᠮ ᠳᠤ ᠴᠠᠭᠠᠰᠤᠨ ᠪᠠᠷ ᠤᠨ ᠦᠨᠡᠮᠯᠡᠯ ᠢᠶᠠᠨ ᠡᠯᠧᠺᠲᠷᠤᠨ | ᠦᠨᠡᠮᠯᠡᠯ ᠢᠶᠠᠷ ᠰᠣᠯᠢᠬᠤ ᠲᠤᠬᠠᠶᠢᠯᠠᠭᠰᠠᠨ ᠠᠵᠢᠯ ᠢ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠦᠶ᠎ᠡ ᠳᠡᠭᠡᠨ | ᠳᠣᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | 1. ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠴᠠᠭᠠᠰᠤᠨ | ᠪᠠᠷ ᠤᠨ ᠤᠭ ᠮᠠᠲ᠋ᠧᠷᠢᠶᠠᠯ᠃ | 2. ︽ᠦᠪᠦᠷ ᠮᠤᠩᠭᠤᠯ ᠤᠨ ᠤᠰᠤᠨ ᠠᠰᠢᠭᠯᠠᠯᠳᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠨ᠂ ᠲᠥᠷᠦᠯ ᠵᠦᠢᠯ ᠤᠨ ᠬᠠᠷᠢᠭᠤᠴᠠᠯᠭᠠᠳᠠᠨ ᠪᠠ ᠲᠤᠰᠬᠠᠢ | ᠲᠤᠰᠢᠶᠠᠯᠲᠤ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠳᠠ ᠶᠢᠨ ᠠᠵᠢᠯᠳᠠᠨ ᠤ ᠠᠶᠦᠯᠭᠦᠢ ᠦᠢᠯᠡᠳᠪᠦᠷᠢᠯᠡᠯ ᠤᠨ | ᠬᠢᠨᠠᠨ ᠰᠢᠯᠭᠠᠯᠳᠠ ᠶᠢᠨ ᠦᠨᠡᠮᠯᠡᠯ ᠰᠤᠯᠢᠬᠤ ᠬᠤᠷᠢᠶᠠᠩᠭᠤᠢ ᠬᠦᠰᠦᠨᠥᠭᠲᠦ︾ ︵ᠳᠠᠭᠠᠯᠳᠤᠭᠤᠯᠤᠯ 2︶᠂ ᠴᠠᠭᠠᠰᠤᠨ | ᠪᠠᠷ ᠪᠠ ᠡᠯᠧᠺᠲᠷᠤᠨ ᠪᠠᠷ ᠤᠨ ᠲᠤᠰ ᠪᠦᠷᠢ 1 ᠬᠤᠪᠢ ︵ᠴᠠᠭᠠᠰᠤᠨ ᠪᠠᠷ ᠤᠨ ᠲᠤᠰ ᠨᠢᠭᠡᠴᠢ ᠶᠢᠨ ᠠᠯᠪᠠᠨ | ᠲᠠᠮᠠᠭ᠎ᠠ ᠶᠢ ᠳᠠᠷᠤᠬᠤ ᠴᠢᠬᠤᠯᠠᠲᠠᠢ︔ ᠡᠯᠧᠺᠳ᠋ᠷᠤᠨ ᠪᠠᠷ ᠨᠢ excel ᠬᠡᠯᠪᠡᠷᠢ ᠪᠠᠷ ᠪᠠᠶᠢᠬᠤ᠄ ᠠᠵᠤ ᠠᠬᠤᠶᠢᠯᠠᠯ ᠤᠨ | ᠨᠡᠷᠡᠶᠢᠳᠦᠯ + ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠳᠠᠨ ᠤ ᠦᠨᠡᠮᠯᠡᠯ * * ᠬᠤᠪᠢ ᠭᠡᠵᠦ | ᠨᠡᠷᠡᠶᠢᠳᠦᠨ᠎ᠡ︶᠃ | 3. ᠦᠨᠡᠮᠯᠡᠯ ᠪᠥᠬᠦᠢ ᠬᠥᠮᠦᠨ ᠤ ᠡᠯᠧᠺᠲᠷᠣᠨ ᠭᠡᠷᠡᠯ ᠵᠢᠷᠤᠭ᠃ ᠭᠡᠷᠡᠯ ᠵᠢᠷᠤᠭ ᠨᠢ 1 ᠢᠮᠠᠬᠤ ᠶᠢᠨ ᠬᠥᠬᠡ | ᠳᠡᠪᠢᠰᠭᠡᠷ ᠲᠠᠢ᠂ ᠨᠢᠭᠤᠷ ᠲᠠᠯ᠎ᠠ ᠶᠢᠨ ᠮᠠᠯᠠᠭᠠᠢ ᠦᠭᠡᠢ ᠭᠡᠷᠡᠯ ᠵᠢᠷᠤᠭ᠂ jpg ᠬᠡᠯᠪᠡᠷᠢ᠂ ᠶᠡᠭᠡ ᠪᠠᠭ᠎ᠠ ᠨᠢ | 20K-100K ᠶᠢᠨ ᠬᠤᠭᠤᠷᠣᠨᠳᠣ ᠪᠠᠶᠢᠬᠤ᠂ ᠰᠠᠨᠠᠭᠤᠯᠬᠤ ᠬᠠᠷᠢᠴᠠᠯ ᠨᠢ 5᠄ 7 ︵ᠭᠡᠷᠡᠯ ᠵᠢᠷᠤᠭ ᠤᠨ | ᠡᠯᠧᠺᠲᠷᠤᠨ ᠪᠠᠷ ᠢᠶᠠᠨ ᠣᠪᠣᠭ ᠨᠡᠷ᠎ᠡ + ᠪᠡᠶ᠎ᠡ ᠶᠢᠨ ᠦᠨᠡᠮᠯᠡᠯ ᠤᠨ ᠨᠤᠮᠧᠷ ᠭᠡᠵᠦ ᠨᠡᠷᠡᠶᠢᠳᠦᠨ᠎ᠡ︶᠃ | ᠭᠤᠷᠪᠠ᠂ ᠡᠯᠧᠺᠲᠷᠤᠨ ᠦᠨᠡᠮᠯᠡᠯ ᠤᠨ ᠬᠦᠴᠦᠨ | ᠡᠯᠧᠺᠲᠷᠤᠨ ᠦᠨᠡᠮᠯᠡᠯ ᠪᠤᠯᠤᠨ ᠴᠠᠭᠠᠰᠤᠨ ᠪᠠᠷ ᠤᠨ ᠦᠨᠡᠮᠯᠡᠯ ᠨᠢ ᠠᠳᠠᠯᠢᠬᠠᠨ ᠬᠠᠤᠯᠢ ᠶᠢᠨ ᠬᠦᠴᠦᠨ ᠲᠠᠢ᠃ | ᠡᠯ᠎ᠡ ᠭᠠᠵᠠᠷ ᠤᠨ ᠤᠰᠤᠨ ᠠᠰᠢᠭᠯᠠᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ ᠨᠦᠭᠦᠳ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠥᠪᠰᠢᠨ᠂ | ᠬᠠᠤᠯᠢ ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ | ᠳᠠᠩᠰᠠᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠳᠤᠮᠳᠠ ᠬᠢᠨᠠᠨ ᠣᠯᠭᠤᠭᠰᠠᠨ ᠡᠯᠧᠺᠲᠷᠣᠨ ᠦᠨᠡᠮᠯᠡᠯ ᠢ | ᠵᠥᠪᠰᠢᠶᠡᠷᠡᠬᠦ ᠬᠡᠷᠡᠭᠲᠡᠶ᠃ ᠴᠠᠭᠠᠰᠤᠨ ᠪᠠᠷ ᠤᠨ ᠦᠨᠡᠮᠯᠡᠯ ᠨᠢ ᠡᠯᠧᠺᠲᠷᠣᠨ ᠦᠨᠡᠮᠯᠡᠯ ᠰᠣᠯᠢᠬᠤ ᠪᠠᠷ ᠭᠤᠶᠤᠴᠢᠯᠠᠵᠤ | ᠪᠠᠶᠢᠭ᠎ᠠ ᠬᠤᠭᠤᠴᠠᠭᠠᠨ ᠳᠤ ᠮᠥᠨ ᠬᠦᠴᠦᠨ ᠲᠠᠢ᠃ ᠴᠠᠭᠠᠰᠤᠨ ᠪᠠᠷ ᠤᠨ ᠦᠨᠡᠮᠯᠡᠯ ᠨᠢ ᠡᠯᠧᠺᠲᠷᠣᠨ ᠦᠨᠡᠮᠯᠡᠯ | ᠪᠣᠯᠵᠤ ᠬᠤᠪᠢᠷᠠᠬᠰᠠᠨ ᠤ ᠳᠠᠷᠠᠭ᠎ᠠ ᠴᠠᠭᠠᠰᠤᠨ ᠪᠠᠷ ᠤᠨ ᠦᠨᠡᠮᠯᠡᠯ ᠨᠢ ᠠᠶᠠᠨᠳᠠᠭᠠᠨ ᠬᠦᠴᠦᠨ ᠦᠭᠡᠢ ᠪᠣᠯᠤᠨ᠎ᠠ᠃ | ᠴᠠᠭᠠᠰᠤᠨ ᠪᠠᠷ ᠤᠨ ᠦᠨᠡᠮᠯᠡᠯ ᠢᠶᠠᠨ ᠡᠯᠧᠺᠲᠷᠤᠨ ᠦᠨᠡᠮᠯᠡᠯ ᠢᠶᠠᠷ ᠰᠣᠯᠢᠬᠤ ᠪᠠᠷ ᠭᠤᠶᠤᠴᠢᠯᠠᠭᠰᠠᠨ ᠦᠭᠡᠢ ᠪᠠᠶᠢᠪᠠᠯ᠂ | ᠴᠠᠭᠠᠰᠤᠨ ᠪᠠᠷ ᠤᠨ ᠦᠨᠡᠮᠯᠡᠯ ᠨᠢ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠦᠴᠦᠨ | ᠦᠭᠡᠢ ᠪᠣᠯᠤᠨ᠎ᠠ᠃ | ᠳᠥᠷᠪᠡ᠂ ᠪᠤᠰᠤᠳ ᠵᠦᠢᠯ | 1. ᠡᠯᠧᠺᠲᠷᠤᠨ ᠦᠨᠡᠮᠯᠡᠯ ᠳᠤ OFD ᠬᠡᠯᠪᠡᠷᠢ ᠶᠢ ᠬᠡᠷᠡᠭᠯᠡᠵᠦ᠂ ᠦᠨᠡᠮᠯᠡᠯ ᠣᠯᠭᠤᠬᠰᠠᠨ ᠰᠠᠯᠠᠭ᠎ᠠ | ᠮᠥᠴᠢᠷ ᠤᠨ ᠲᠣᠭᠠᠵᠢᠭᠤᠯᠤᠬᠰᠠᠨ ᠦᠨᠡᠮᠯᠡᠯ ︵CA︶ ᠪᠠᠷ ᠭᠡᠷᠡᠴᠢᠯᠡᠭᠦᠯᠦᠭᠰᠡᠨ ᠡᠯᠧᠺᠲᠷᠤᠨ ᠤ ᠭᠠᠷ ᠤᠨ ᠥᠰᠥᠭ | ᠵᠢᠷᠤᠵᠤ ᠲᠠᠮᠠᠭ᠎ᠠ ᠳᠠᠷᠤᠬᠰᠠᠨ ᠪᠠᠶᠢᠬᠤ ᠶᠢᠨ ᠬᠠᠮᠲᠤ ᠦᠨᠡᠮᠯᠡᠯ ᠤᠨ ᠬᠤᠶᠠᠷ ᠬᠡᠮᠵᠢᠯᠳᠦ ᠺᠣᠳ᠋ ᠢ ᠢᠵᠢ | ᠪᠦᠷᠢᠳᠦᠭᠦᠯᠦᠨ ᠪᠤᠢ ᠪᠤᠯᠭᠠᠬᠰᠠᠨ ᠪᠠᠶᠢᠬᠤ ᠪᠠ ᠦᠨᠡᠮᠯᠡᠯ ᠤᠨ ᠬᠡᠮ ᠬᠡᠮᠵᠢᠶ᠎ᠡ ᠨᠢ A4 ︵ᠪᠣᠰᠤᠭ᠎ᠠ ᠬᠡᠪᠯᠡᠯ︶ | ᠪᠤᠯᠤᠨ᠎ᠠ᠃ ᠡᠯᠧᠺᠲᠷᠤᠨ ᠦᠨᠡᠮᠯᠡᠯ ᠳᠤ ᠠᠵᠢᠯᠲᠠᠨ ᠤ ᠦᠨᠳᠦᠰᠦᠨ ᠮᠡᠳᠡᠭᠡ ᠵᠠᠩᠭᠢ᠂ ᠰᠢᠯᠭᠠᠨ ᠪᠠᠲᠤᠯᠠᠬᠤ ᠬᠤᠶᠠᠷ | ᠬᠡᠮᠵᠢᠯᠳᠦ ᠺᠣᠳ᠋᠂ ᠦᠨᠡᠮᠯᠡᠯ ᠣᠯᠭᠤᠬᠰᠠᠨ ᠪᠠᠶᠢᠭᠤᠯᠤᠮᠵᠢ᠂ ᠡᠯᠧᠺᠲᠷᠤᠨ ᠲᠠᠮᠠᠭ᠎ᠠ ᠵᠡᠷᠭᠡ ᠮᠡᠳᠡᠭᠡ ᠵᠠᠩᠭᠢ | ᠪᠠᠭᠲᠠᠭᠠᠨ᠎ᠠ᠃ | 2. ᠡᠯᠧᠺᠲᠷᠤᠨ ᠦᠨᠡᠮᠯᠡᠯ ᠢᠶᠠᠷ ᠰᠣᠯᠢᠭᠤᠯᠬᠤ ᠪᠠᠷ ᠭᠤᠶᠤᠴᠢᠯᠠᠭᠰᠠᠨ ᠪᠠᠶᠢᠪᠠᠯ᠂ ᠴᠠᠭᠠᠰᠤᠨ ᠪᠠᠷ ᠤᠨ | ᠦᠨᠡᠮᠯᠡᠯ ᠤᠨ ᠮᠠᠲ᠋ᠧᠷᠢᠶᠠᠯ ᠢ ᠪᠦᠷᠢᠨ ᠲᠤᠰᠢᠶᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠤᠲᠤᠷ᠎ᠠ | ᠡᠯᠧᠺᠲᠷᠤᠨ ᠦᠨᠡᠮᠯᠡᠯ ᠰᠣᠯᠢᠬᠤ ᠠᠵᠢᠯ ᠢ ᠳᠠᠭᠤᠰᠬᠠᠬᠤ ᠶᠢᠨ ᠬᠠᠮᠲᠤ ᠠᠵᠤ ᠠᠬᠤᠶᠢᠯᠠᠯ ᠤᠨ ᠤᠷᠢᠳᠴᠢᠯᠠᠨ | ᠦᠯᠡᠳᠡᠭᠡᠭᠰᠡᠨ ᠡᠯᠧᠺᠲᠷᠤᠨ ᠵᠠᠬᠢᠳᠠᠯ ᠤᠨ ᠬᠠᠶᠢᠷᠴᠠᠭ ᠢᠶᠠᠷ ᠳᠠᠮᠵᠢᠭᠤᠯᠤᠨ ᠡᠯᠧᠺᠲᠷᠤᠨ ᠦᠨᠡᠮᠯᠡᠯ ᠢ ᠬᠦᠷᠭᠡᠨ᠎ᠡ᠃ | 3. ᠬᠢᠵᠢᠭ ᠤᠨ ᠪᠠᠶᠢᠳᠠᠯ ᠤᠨ ᠰᠢᠯᠲᠠᠭᠠᠨ ᠠᠴᠠ ᠪᠤᠯᠵᠤ᠂ ᠴᠠᠭᠠᠰᠤᠨ ᠪᠠᠷ ᠤᠨ ᠦᠨᠡᠮᠯᠡᠯ ᠤᠨ ᠮᠡᠳᠡᠭᠡ | ᠵᠠᠩᠭᠢ ᠪᠠᠨ ᠬᠤᠪᠢᠷᠠᠭᠤᠯᠵᠤ ᠴᠢᠳᠠᠭᠰᠠᠨ ᠦᠭᠡᠢ ᠠᠵᠤ ᠠᠬᠤᠶᠢᠯᠠᠯ ᠨᠢ ᠴᠠᠭᠠᠰᠤᠨ ᠪᠠᠷ ᠤᠨ ᠦᠨᠡᠮᠯᠡᠯ ᠢᠶᠠᠨ | ᠡᠯᠧᠺᠲᠷᠣᠨ ᠦᠨᠡᠮᠯᠡᠯ ᠢᠶᠠᠷ ᠰᠣᠯᠢᠬᠤ ᠪᠠᠷ ᠭᠤᠶᠤᠴᠢᠯᠠᠬᠤ ᠦᠶ᠎ᠡ ᠳᠡᠭᠡᠨ ᠬᠠᠮᠲᠤ ᠳᠤᠨᠢ ᠭᠤᠶᠤᠴᠢᠯᠠᠯᠲᠠ ᠭᠠᠷᠭᠠᠵᠤ | ᠬᠤᠪᠢᠷᠠᠭᠤᠯᠵᠤ ᠪᠣᠯᠤᠨ᠎ᠠ᠂ ᠬᠤᠪᠢᠷᠠᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠡᠯᠧᠺᠲᠷᠣᠨ ᠦᠨᠡᠮᠯᠡᠯ ᠳᠤ | ᠬᠤᠪᠢᠷᠠᠭᠤᠯᠵᠤ ᠥᠭᠬᠦ ᠪᠤᠯᠤᠨ᠎ᠠ᠃ | ᠬᠠᠷᠢᠯᠴᠠᠬᠤ ᠬᠥᠮᠦᠨ᠄ ᠶᠠᠩ ᠢᠦᠶ ᠬᠤᠸᠠ 0471-5259382 15247469545 | ᠵᠢᠢ ᠬᠤᠢ 0471 – 5259319 | ᠰᠢᠤᠳᠠᠨ ᠤ ᠬᠠᠶᠢᠷᠴᠠᠭ᠄ nmgzjz123456@163.com | ᠬᠠᠶ᠋ᠢᠭ᠄ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 119 ᠳ᠋ᠦ᠋ᠭᠡᠷ ᠨᠤᠮᠧᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ 2223 ᠳ᠋ᠤᠭᠠᠷ ᠠᠯᠪᠠᠨ ᠭᠡᠷ | | ᠳᠠᠭᠠᠯᠳᠤᠭᠤᠯᠤᠯ᠄ ᠥᠪᠥᠷ ᠮᠣᠩᠭᠤᠯ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ | ᠪᠠᠷᠢᠯᠭ᠎ᠠ ᠶᠢᠨ ᠠᠵᠤ ᠠᠬᠤᠶᠢᠯᠠᠯ ᠤᠨ ︽ᠭᠤᠷᠪᠠᠨ ᠲᠥᠷᠥᠯ ᠤᠨ ᠠᠵᠢᠯᠲᠠᠨ︾ ᠤ ᠠᠶᠤᠯᠭᠦᠢ ᠦᠶ᠋ᠯᠡᠳᠪᠦᠷᠢᠯᠡᠯ ᠤᠨ | ᠬᠢᠨᠠᠨ ᠰᠢᠯᠭᠠᠯᠲᠠ ᠶᠢᠨ ᠦᠨᠡᠮᠯᠡᠯ ᠰᠤᠯᠢᠬᠤ ᠬᠤᠷᠢᠶᠠᠩᠭᠤᠶ ᠬᠦᠰᠦᠨᠦᠭᠲᠦ | | 2023 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ | | | |