ᠬᠠᠲᠤᠨ ᠭᠤᠣᠯ ᠤᠨ ᠰᠠᠨ ᠱᠧᠩ ᠭᠤᠩ ᠣᠰᠣᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/18
  ᠬᠠᠪᠤᠷ ᠤᠨ ᠤᠷᠢᠬᠠᠨ ᠰᠠᠯᠬᠢ ᠰᠠᠯᠬᠢᠯᠠᠵᠤ ᠰᠢᠨ᠎ᠡ ᠨᠣᠭᠤᠭᠠᠨ ᠥᠩᠭᠡ ᠪᠠᠷ ᠬᠤᠴᠢᠭᠳᠠᠭᠰᠠᠨ ᠮᠣᠳᠣ ᠲᠠᠷᠢᠬᠤ ᠠᠵᠢᠯ ᠶᠠᠭ ᠴᠠᠭ ᠳᠠᠭᠠᠨ ᠪᠤᠢ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠬᠠᠮᠢᠶᠠᠷᠤᠯᠲᠠ ᠶᠢᠨ ᠲᠥᠪ ᠠᠴᠠ ᠬᠠᠪᠤᠷ ᠤᠨ ᠤᠯᠠᠷᠢᠯ ᠤᠨ ᠮᠣᠳᠣ ᠲᠠᠷᠢᠬᠤ ᠠᠰᠢᠭᠲᠠᠢ ᠴᠠᠭ ᠲᠣᠬᠢᠶᠠᠯ ᠢ ᠵᠠᠪᠳᠤᠨ ᠠᠳᠬᠤᠵᠤ᠂ 3 ᠳ᠋ᠤᠭᠠᠷ ᠰᠠᠷ᠎ᠠ ᠶᠢᠨ 29 ᠤ ᠡᠳᠦᠷ ᠠᠴᠠ 4 ᠰᠠᠷ᠎ᠠ ᠶᠢᠨ 17 ᠤ ᠡᠳᠦᠷ ᠪᠣᠯᠲᠠᠯ᠎ᠠ ᠺᠠᠳ᠋ᠷ ᠠᠵᠢᠯᠲᠠᠨ ᠠᠵᠢᠯᠴᠢᠨ᠂ ᠤᠰᠤᠨ ᠠᠰᠢᠭᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠰᠠᠳ 9 ᠪᠦᠯᠦᠭ ᠤᠳᠠᠭ᠎ᠠ᠂ 1131 ᠬᠥᠮᠦᠨ ᠤᠳᠠᠭ᠎ᠠ ᠶᠢᠨ ᠢᠨᠵᠧᠨᠧᠷᠢᠩ ᠤᠨ ᠬᠠᠷᠢᠶ᠎ᠠ ᠣᠷᠣᠨ ᠳᠤ ︽ᠨᠢᠭᠡ ᠬᠡᠰᠡᠭ ᠨᠣᠭᠤᠭᠠᠷᠠᠭᠤᠯᠵᠤ ᠬᠠᠮᠲᠤ ᠪᠠᠷ ᠡᠬᠡ ᠭᠤᠣᠯ ᠢᠶᠠᠨ ᠬᠠᠮᠠᠭᠠᠯᠠᠬᠤ︾ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠦ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠭᠤᠣᠯ ᠨᠢ ᠰᠢᠯᠤᠭᠤᠨ᠂ ᠦᠵᠡᠮᠵᠢ ᠨᠢ ᠭᠤᠶᠣ ᠪᠣᠬᠢᠷᠲᠤᠯ ᠦᠭᠡᠢ ᠠᠮᠢ ᠠᠬᠤᠢ ᠶᠢᠨ ᠤᠷᠲᠤ ᠬᠤᠩᠭᠢᠯ ᠢ ᠢᠳᠡᠪᠬᠢᠲᠡᠢ ᠪᠠᠶᠢᠭᠤᠯᠪᠠ᠃  ᠭᠤᠣᠯ ᠤᠨ ᠬᠠᠭᠠᠯᠲᠠ ᠶᠢᠨ ᠳᠡᠭᠡᠳᠦ ᠤᠷᠤᠰᠬᠠᠯ ᠤᠨ ᠵᠡᠭᠦᠨ ᠡᠷᠭᠢ ᠶᠢᠨ ᠤᠷᠤᠰᠬᠠᠯ ᠵᠠᠯᠠᠬᠤ ᠬᠠᠰᠢᠯᠭ᠎ᠠ᠂ ᠶᠡᠷᠦᠩᠬᠡᠢ ᠭᠤᠣᠯ ᠰᠤᠪᠠᠭ ᠤᠨ ᠵᠡᠭᠦᠨ ᠪᠠᠷᠠᠭᠤᠨ ᠡᠷᠭᠢ᠂ ᠭᠤᠣᠯ ᠤᠨ ᠬᠠᠭᠠᠯᠲᠠ ᠶᠢᠨ ᠳᠣᠣᠷᠠᠬᠢ ᠵᠡᠭᠦᠨ ᠪᠠᠷᠠᠭᠤᠨ ᠡᠷᠭᠢ᠂ ᠡᠮᠦᠨ᠎ᠡ ᠡᠷᠭᠢ ᠶᠢᠨ ︽ᠪᠢᠴᠢᠭᠯᠡᠭᠰᠡᠨ ᠬᠠᠲᠤᠨ ᠭᠤᠣᠯ︾ ᠭᠠᠵᠠᠷ ᠵᠡᠷᠭᠡ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠺᠠᠳ᠋ᠷ ᠠᠵᠢᠯᠲᠠᠳ ᠤᠨ ᠡᠷᠴᠢ ᠵᠣᠷᠢᠭ ᠲᠡᠭᠦᠯᠳᠡᠷ᠂ ᠣᠯᠠᠨ ᠢᠶᠠᠷ ᠢᠶᠠᠨ ᠬᠤᠶᠠᠷ ᠬᠥᠮᠦᠨ ᠨᠢᠭᠡ ᠳᠤᠭᠤᠶᠢᠯᠠᠩ ᠪᠣᠯᠵᠣ᠂ ᠨᠢᠭᠡ ᠰᠠᠭᠤᠷᠢ ᠮᠣᠳᠣ ᠵᠠᠶᠢᠯᠠᠵᠤ᠂ ᠮᠣᠳᠤᠨ ᠴᠢᠬᠢ ᠵᠥᠭᠡᠭᠡᠪᠦᠷᠢᠯᠡᠵᠦ᠂ ᠬᠦᠷᠵᠡ ᠡᠷᠭᠢᠭᠦᠯᠦᠨ ᠰᠢᠷᠣᠢ ᠨᠡᠮᠡᠵᠦ᠂ ᠴᠢᠬᠢ ᠶᠢ ᠲᠦᠰᠢᠵᠦ ᠨᠦᠬᠡ ᠶᠢ ᠪᠥᠭᠯᠡᠵᠦ᠂ ᠰᠢᠷᠣᠢ ᠨᠡᠮᠡᠵᠦ ᠭᠢᠰᠬᠢᠵᠦ᠂ ᠤᠰᠤᠯᠠᠵᠤ᠂ ᠭᠤᠭᠴᠤᠭ᠎ᠠ ᠨᠢᠭᠡᠪᠦᠷᠢ ᠳᠤ ᠴᠥᠮ ᠡᠮᠬᠢ ᠳᠢᠭᠯᠢᠮ ᠲᠠᠢ ᠵᠠᠯᠭᠠᠯᠳᠤᠵᠤ᠂ ᠬᠥᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠡᠳᠦᠷ ᠳᠠᠷᠠᠭᠠᠯᠠᠨ ᠰᠢᠷᠭᠠᠭᠤ ᠬᠥᠳᠡᠯᠮᠦᠷᠢᠯᠡᠬᠦ ᠪᠠᠷ ᠳᠠᠮᠵᠢᠨ᠂ ᠤᠨᠵᠢᠭᠢᠷ ᠤᠳᠠ᠂ ᠵᠡᠷᠯᠢᠭ ᠲᠤᠭᠤᠷ᠂ ᠬᠠᠶᠢᠲᠠᠩ᠂ ᠳ᠋ᠦ᠋ ᠯᠢ᠂ ᠴᠢᠪᠠᠭᠠᠨ ᠮᠣᠳᠣ ᠵᠡᠷᠭᠡ 15830 ᠰᠠᠭᠤᠷᠢ ᠴᠢᠬᠢ ᠮᠣᠳᠣ ᠲᠠᠷᠢᠵᠤ᠂ 366 ᠮᠦ ᠲᠠᠯᠠᠪᠠᠢ ᠨᠣᠭᠤᠭᠠᠷᠠᠭᠤᠯᠪᠠ᠃ ᠡᠭᠦᠨ ᠳᠤ᠂ 8434 ᠰᠠᠭᠤᠷᠢ ᠮᠣᠳᠣ ᠨᠥᠬᠦᠵᠦ ᠲᠠᠷᠢᠪᠠ᠂ ᠨᠥᠬᠦᠵᠦ ᠲᠠᠷᠢᠭᠰᠠᠨ ᠲᠠᠯᠠᠪᠠᠢ ᠨᠢ 195 ᠮᠦ︔ ᠰᠢᠨ᠎ᠡ ᠪᠠᠷ ᠲᠠᠷᠢᠭᠰᠠᠨ ᠮᠣᠳᠣ 7396 ᠰᠠᠭᠤᠷᠢ᠂ ᠰᠢᠨ᠎ᠡ ᠪᠠᠷ ᠲᠠᠷᠢᠭᠰᠠᠨ ᠲᠠᠯᠠᠪᠠᠢ 171 ᠮᠦ ᠪᠤᠢ᠃  ᠬᠠᠮᠢᠶᠠᠷᠤᠯᠲᠠ ᠶᠢᠨ ᠲᠥᠪ ᠨᠢ ︽ᠬᠠᠲᠤᠨ ᠭᠤᠣᠯ︾ ᠢ ᠰᠠᠶᠢᠲᠤᠷ ᠰᠠᠬᠢᠨ ᠬᠠᠮᠠᠭᠠᠯᠠᠬᠤ ᠶᠢ ᠢᠮᠠᠭᠲᠠ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠳᠣᠬᠢᠴᠢᠯᠠᠭᠰᠠᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠨᠡᠶᠢᠲᠡ 884.85 ᠾᠧᠺᠲ᠋ᠠᠷ ᠮᠣᠳᠣ ᠲᠠᠷᠢᠵᠤ ᠣᠶᠢᠵᠢᠭᠤᠯᠤᠭᠰᠠᠨ ᠲᠠᠯᠠᠪᠠᠢ 436.93 ᠾᠧᠺᠲ᠋ᠠᠷ ᠲᠤ ᠬᠦᠷᠴᠦ᠂ ᠢᠨᠵᠧᠨᠧᠷᠢᠩ ᠤᠨ ᠬᠠᠷᠢᠶ᠎ᠠ ᠣᠷᠣᠨ ᠤ ᠨᠣᠭᠤᠭᠠᠷᠠᠭᠤᠯᠤᠯᠲᠠ ᠶᠢᠨ ᠨᠣᠷᠮ᠎ᠠ 53.5% ᠳᠤ ᠬᠦᠷᠴᠦ᠂ ᠵᠠᠩᠭᠢᠯᠠᠭ᠎ᠠ ᠶᠢᠨ ᠡᠷᠭᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠳᠤ ᠢᠯᠡᠳᠲᠡ ᠬᠤᠪᠢᠷᠠᠯᠲᠠ ᠭᠠᠷᠴᠤ᠂ 2022 ᠣᠨ ᠳᠤ ᠬᠠᠮᠢᠶᠠᠷᠤᠯᠲᠠ ᠶᠢᠨ ᠲᠥᠪ ᠨᠢ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠲᠡᠷᠢᠭᠦᠨ ᠤ ᠬᠠᠮᠲᠤ ᠨᠡᠶᠢᠲᠡ︾ ᠶᠢᠨ ᠢᠷᠠᠭᠤ ᠠᠯᠳᠠᠷ ᠤᠨ ᠴᠣᠯᠠ ᠬᠦᠷᠲᠡᠪᠡ᠃   ︵ᠬᠠᠲᠤᠨ ᠭᠤᠣᠯ ᠤᠨ ᠰᠠᠨ ᠱᠧᠩ ᠭᠤᠩ ᠣᠰᠣᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ ᠤᠨ ᠡᠬᠡ ᠪᠢᠴᠢᠭ  ᠬᠠᠩᠭᠠᠪᠠ︶ 
 
ᠢᠷᠡᠯᠲᠡ᠄ ᠬᠠᠲᠤᠨ ᠭᠤᠣᠯ ᠤᠨ ᠰᠠᠨ ᠱᠧᠩ ᠭᠤᠩ ᠣᠰᠣᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号