ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠬᠤᠶᠠᠳᠤᠭᠠᠷ ᠤᠳᠠᠭ᠎ᠠ ᠶᠢᠨ ᠡᠪᠯᠡᠯ ᠤᠨ ᠭᠡᠰᠢᠭᠦᠳ ᠤᠨ ᠶᠡᠭᠡ ᠬᠤᠷᠠᠯ ᠵᠢᠴᠢ ᠵᠠᠯᠠᠭᠤ ᠡᠪᠯᠡᠯ ᠤᠨ ᠭᠡᠰᠢᠭᠦᠳ ᠤᠨ ᠤᠯᠤᠰ ᠲᠦᠷᠦ ᠶᠢᠨ ᠤᠨᠤᠯ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/20
  ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠦᠪ ᠤᠨ ᠵᠠᠯᠠᠭᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠨᠢᠭᠲᠠᠷᠠᠯ ᠤᠨ ᠬᠦᠴᠦᠨ᠂ ᠪᠦᠲᠦᠭᠡᠯᠴᠢ ᠬᠦᠴᠦᠨ ᠪᠠ ᠤᠷᠤᠭᠰᠢᠯᠠᠨ ᠳᠠᠪᠰᠢᠬᠤ ᠵᠣᠷᠢᠭ ᠢ ᠴᠢᠩᠭᠠᠷᠠᠭᠤᠯᠬᠤ ᠶᠢᠨ ᠲᠤᠰᠠᠳᠠ 4 ᠳ᠋ᠦ᠋ᠭᠡᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠤᠶᠠᠳᠤᠭᠠᠷ ᠤᠳᠠᠭ᠎ᠠ ᠶᠢᠨ ᠡᠪᠯᠡᠯ ᠤᠨ ᠭᠡᠰᠢᠭᠦᠳ ᠤᠨ ᠶᠡᠭᠡ ᠬᠤᠷᠠᠯ ᠵᠢᠴᠢ ᠵᠠᠯᠠᠭᠤ ᠡᠪᠯᠡᠯ ᠤᠨ ᠭᠡᠰᠢᠭᠦᠳ ᠤᠨ ᠤᠯᠤᠰ ᠲᠥᠷᠥ ᠶᠢᠨ ᠣᠨᠣᠯ ᠰᠤᠷᠤᠯᠴᠠᠬᠤ ᠬᠤᠷᠠᠯ ᠬᠤᠷᠠᠯᠳᠤᠭᠤᠯᠪᠠ᠃ ᠬᠥᠭᠵᠢᠯᠲᠡ ᠶᠢᠨ ᠲᠥᠪ  ᠤᠨ ᠪᠦᠬᠦ ᠡᠪᠯᠡᠯ ᠤᠨ ᠭᠡᠰᠢᠭᠦᠳ ᠬᠤᠷᠠᠯ ᠳᠤ ᠣᠷᠣᠯᠴᠠᠪᠠ᠃
第二次团员大会1.jpg
  ᠵᠠᠯᠠᠭᠤᠴᠤᠳ ᠤᠨ ᠠᠵᠢᠯ ᠤᠨ ᠵᠥᠪᠯᠡᠯ ᠪᠣᠯ ᠨᠠᠮ ᠤᠨ ᠵᠠᠯᠠᠭᠤᠴᠤᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠮᠵᠢᠲᠡᠢ ᠦᠷᠭᠦᠯᠵᠢᠯᠡᠯ ᠮᠥᠨ᠃ ᠬᠥᠭᠵᠢᠯᠲᠡ ᠶᠢᠨ ᠲᠥᠪ ᠤᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠢᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠬᠥᠭᠵᠢᠯᠲᠡ ᠶᠢᠨ ᠲᠥᠪ  ᠤᠨ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠤᠨ ᠠᠵᠢᠯ ᠤᠨ ᠵᠥᠪᠯᠡᠯ ᠤᠨ ᠪᠦᠷᠢᠯᠳᠦᠬᠦᠨ ᠤ ᠨᠡᠷᠡᠰ ᠢ ᠬᠤᠷᠠᠯ ᠳᠡᠭᠡᠷ᠎ᠡ ᠨᠡᠶᠢᠲᠡᠯᠡᠪᠡ᠃  ᠬᠥᠭᠵᠢᠯᠲᠡ ᠶᠢᠨ ᠲᠥᠪ ᠤᠨ ᠡᠪᠯᠡᠯ ᠤᠨ ᠶᠡᠷᠦᠩᠬᠡᠢ ᠡᠭᠦᠷ ᠨᠢ ᠬᠠᠷᠢᠶᠠᠨ ᠳᠤ ᠪᠠᠨ ᠬᠤᠶᠠᠷ ᠡᠪᠯᠡᠯ ᠤᠨ ᠡᠭᠦᠷ ᠭᠠᠷᠭᠠᠭᠰᠠᠨ ᠪᠦᠭᠡᠳ ᠲᠤᠰ ᠤᠳᠠᠭᠠᠨ ᠤ ᠬᠤᠷᠠᠯ  ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠲᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠨᠢᠭᠡᠳᠦᠭᠡᠷ᠂ ᠬᠤᠶᠠᠳᠤᠭᠠᠷ ᠡᠪᠯᠡᠯ ᠤᠨ ᠡᠭᠦᠷ ᠤᠨ ᠱᠦᠵᠢ ᠵᠢᠴᠢ ᠭᠡᠰᠢᠭᠦᠨ ᠢ ᠰᠣᠩᠭᠤᠨ ᠭᠠᠷᠭᠠᠪᠠ᠃  ᠬᠤᠷᠠᠯ ᠳᠡᠭᠡᠷ᠎ᠡ 2023 ᠣᠨ ᠤ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠨᠥᠬᠦᠷ ᠤᠨ ᠬᠥᠭᠵᠢᠯᠲᠡ ᠶᠢᠨ ᠲᠥᠪ ᠤᠨ ᠺᠠᠳ᠋ᠷᠴᠦᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠳᠠᠯᠢ ᠪᠤᠰᠤ ᠰᠠᠯᠠᠭ᠎ᠠ ᠮᠥᠴᠢᠷ ᠠᠴᠠ ᠢᠷᠡᠭᠰᠡᠨ ᠡᠪᠯᠡᠯ ᠤᠨ ᠭᠡᠰᠢᠭᠦᠨ ᠵᠠᠯᠠᠭᠤᠴᠤᠳ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠲᠤ ᠬᠡᠷᠬᠢᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠲᠣᠭᠤᠷᠢᠨ ᠳᠤ ᠲᠣᠰ ᠪᠡᠶ᠎ᠡ ᠶᠢᠨ ᠪᠣᠳᠠᠲᠤ ᠪᠠᠶᠢᠳᠠᠯ᠂ ᠲᠤᠬᠠᠶᠢᠯᠠᠭᠰᠠᠨ ᠠᠵᠢᠯ᠂ ᠠᠵᠢᠯ ᠤᠨ ᠪᠠᠶᠢᠷᠢ ᠶᠢᠨ ᠦᠢᠯᠡᠳᠦᠯᠭᠡ ᠵᠡᠷᠭᠡ ᠲᠠᠢ ᠪᠠᠨ ᠤᠶᠠᠯᠳᠤᠭᠤᠯᠤᠨ ᠦᠵᠡᠯ ᠰᠠᠨᠠᠭᠠᠨ ᠤ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠦᠰᠡᠯᠡᠩ ᠬᠦᠰᠡᠯ ᠵᠤᠷᠢᠭ ᠢᠶᠠᠨ ᠬᠠᠮᠲᠤ ᠪᠠᠷ ᠶᠠᠷᠢᠯᠴᠠᠪᠠ᠃  ᠲᠠᠷᠠᠭᠠᠴᠢ ᠶᠢᠨ ᠠᠯᠬᠤᠮ ᠳᠤ᠂ ᠬᠥᠭᠵᠢᠯᠲᠡ ᠶᠢᠨ ᠲᠥᠪ ᠤᠨ ᠡᠪᠯᠡᠯ ᠤᠨ ᠶᠡᠷᠦᠩᠬᠡᠶ ᠡᠭᠦᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠵᠠᠯᠠᠭᠤ ᠡᠪᠯᠡᠯ ᠤᠨ ᠭᠡᠰᠢᠭᠦᠳ ᠤᠨ ᠦᠰᠦᠨ ᠪᠤᠶᠢᠵᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠯᠡᠯ ᠤᠨ ᠭᠡᠰᠢᠭᠦᠨ ᠢ ᠬᠠᠪᠰᠤᠷᠤᠨ ᠠᠵᠢᠯ ᠪᠠ ᠠᠮᠢᠳᠤᠷᠠᠯ ᠤᠨ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠨ ᠦᠭᠴᠦ᠂ ᠡᠪᠯᠡᠯ ᠤᠨ ᠭᠡᠰᠢᠭᠦᠨ ᠤ ᠰᠠᠨᠠᠭᠤᠯᠭ᠎ᠠ ᠪᠠ ᠱᠠᠭᠠᠷᠳᠠᠯᠭ᠎ᠠ ᠶᠢ ᠢᠳᠡᠪᠬᠢᠲᠡᠶ ᠰᠣᠨᠣᠰᠴᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠦᠯ ᠪᠤᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号