ᠶᠠᠰᠤ ᠴᠢᠨᠠᠷ ᠲᠤ ᠬᠢᠨᠠᠯᠲᠠ ᠲᠠᠯᠪᠢᠬᠤ ᠲᠥᠪ ︽ᠬᠠᠲᠤᠨ ᠭᠤᠤᠯ ᠢ ᠬᠠᠮᠠᠭᠠᠯᠠᠬᠤ ᠬᠠᠤᠯᠢ ᠶᠢ ᠲᠤᠭᠤᠰᠢᠯᠠᠭᠤᠯᠵᠤ ᠡᠬᠡ ᠭᠤᠤᠯ ᠢᠶᠠᠨ ᠭᠠᠷ ᠬᠤᠯᠪᠤᠯᠴᠠᠨ ᠬᠠᠮᠲᠤ ᠪᠠᠷ ᠬᠠᠮᠠᠭᠠᠯᠠᠬᠤ︾ ᠵᠠᠯᠠᠭᠤᠴᠤᠳ ᠤᠨ ᠮᠣᠳᠣ ᠳᠠᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2023/4/24
  ᠬᠠᠪᠤᠷ ᠤᠨ ᠳᠤᠯᠠᠭᠠᠨ ᠳᠤ ᠴᠡᠴᠡᠭ ᠳᠡᠯᠭᠡᠷᠡᠵᠦ᠂ ᠮᠣᠳᠣ ᠲᠠᠷᠢᠬᠤ ᠴᠠᠭ ᠪᠣᠯᠪᠠ᠃ 4 ᠳ᠋ᠦ᠋ᠭᠡᠷ ᠰᠠᠷ᠎ᠠ ᠶᠢᠨ 22 ᠤᠨ ᠡᠳᠦᠷ᠂ ᠮᠠᠨ ᠤ ᠲᠥᠪ ᠤᠨ 4 ᠰᠠᠶᠢᠨ ᠳᠤᠷᠠᠴᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠢᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ᠤᠨ ᠡᠪᠯᠡᠯ ᠤᠨ ᠡᠭᠦᠷ᠂ ᠵᠠᠯᠠᠭᠤᠴᠤᠳ ᠤᠨ ᠠᠵᠢᠯ ᠤᠨ ᠵᠥᠪᠯᠡᠯ ᠠᠴᠠ ᠬᠠᠮᠵᠢᠨ ᠡᠷᠭᠢᠯᠡᠭᠰᠡᠨ ︽ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠵᠢᠴᠢ ︽ᠬᠠᠲᠤᠨ ᠭᠤᠤᠯ ᠢ ᠬᠠᠮᠠᠭᠠᠯᠠᠬᠤ ᠬᠠᠤᠯᠢ ᠶᠢ ᠲᠤᠭᠤᠰᠢᠯᠠᠭᠤᠯᠵᠤ · ᠡᠬᠡ ᠭᠤᠤᠯ ᠢᠶᠠᠨ ᠭᠠᠷ ᠬᠤᠯᠪᠤᠯᠴᠠᠨ ᠬᠠᠮᠲᠤ ᠪᠠᠷ ᠬᠠᠮᠠᠭᠠᠯᠠᠶ᠎ᠠ︾ ᠭᠡᠬᠦ ᠵᠠᠯᠠᠭᠤᠴᠤᠳ ᠤᠨ ᠮᠣᠳᠣ ᠳᠠᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠯᠢ ᠰᠤ᠋ ᠶᠢᠨ ᠶᠠᠩ ᠱᠦᠢ ᠦᠷᠲᠡᠭᠡᠨ ᠤ ᠨᠢᠭᠡ ᠶᠠᠩ ᠭᠠᠨ ᠴᠢᠤᠢ ᠭᠤᠤᠯ ᠰᠤᠪᠠᠭ ᠳᠡᠭᠡᠷ᠎ᠡ ᠬᠦᠷᠴᠦ ᠬᠠᠷᠬᠤᠰᠤ ᠨᠠᠭᠤᠷ ᠤᠨ ᠬᠠᠪᠤᠷ ᠲᠤ ᠰᠢᠨ᠎ᠡ ᠨᠣᠭᠤᠭᠠᠨ ᠥᠩᠭᠡ ᠨᠡᠮᠡᠷᠢᠯᠡᠪᠡ᠃
植树活动1.jpg
  ᠮᠣᠳᠣ ᠲᠠᠷᠢᠬᠤ ᠠᠵᠢᠯᠯᠠᠭ᠎ᠠ ᠳᠤᠮᠳᠠ᠂ ᠮᠠᠨ ᠤ ᠲᠥᠪ ᠤᠨ ᠰᠠᠶᠢᠨ ᠳᠤᠷᠠᠴᠤᠳ ᠢᠳᠡᠪᠬᠢᠲᠡᠢ ᠪᠠᠷ ᠪᠦᠯᠬᠦᠮᠳᠡᠨ ᠬᠠᠪᠰᠤᠷᠤᠯᠴᠠᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ︽ᠨᠢᠭᠡ ᠰᠠᠭᠤᠷᠢ ᠮᠣᠳᠣ ᠲᠠᠷᠢᠪᠠᠯ᠂ ᠨᠢᠭᠡ ᠰᠠᠭᠤᠷᠢ ᠤᠷᠭᠤᠭᠤᠯᠵᠥ ᠳᠡᠶᠢᠯᠬᠦ︾ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠮᠣᠳᠣ ᠲᠠᠷᠢᠵᠥ ᠴᠢᠬᠢ ᠪᠤᠶᠢᠵᠢᠭᠤᠯᠬᠤ᠂ ᠬᠦᠷᠵᠡ ᠡᠷᠭᠢᠭᠦᠯᠦᠨ ᠰᠢᠷᠣᠢ ᠮᠠᠯᠲᠠᠬᠤ᠂ ᠤᠰᠤᠯᠠᠵᠤ ᠪᠤᠷᠳᠤᠭᠤᠷ ᠣᠷᠣᠭᠤᠯᠬᠤ᠂ ᠮᠣᠳᠣ ᠲᠠᠷᠢᠬᠤ ᠠᠵᠢᠯᠯᠠᠭ᠎ᠠ ᠡᠮᠬᠢ ᠴᠡᠭᠴᠡ ᠲᠠᠢ ᠶᠠᠪᠤᠭᠳᠠᠵᠠᠢ᠃ ᠤᠯᠠᠨ ᠤ ᠬᠠᠮᠵᠢᠯᠴᠠᠭ᠎ᠠ ᠪᠠᠷ᠂ ᠬᠠᠭᠠᠰ ᠡᠳᠦᠷ ᠪᠠᠴᠢᠮ ᠶᠠᠭᠠᠷᠠᠯᠲᠠᠢ ᠬᠥᠳᠡᠯᠮᠦᠷᠢᠯᠡᠵᠦ᠂ ᠮᠠᠨ ᠤ ᠲᠥᠪ ᠤᠨ ᠰᠠᠶᠢᠨ ᠳᠤᠷᠠᠴᠤᠳ ᠨᠡᠶᠢᠳᠡ 20 ᠭᠠᠷᠤᠢ ᠰᠠᠭᠤᠷᠢ ᠮᠣᠳᠣ ᠲᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠵᠢ ᠭᠤᠣᠯ ᠢᠶᠠᠨ ᠬᠠᠮᠠᠭᠠᠯᠠᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠪᠡ᠃
植树活动2.jpg
  ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠪᠠᠷ ᠳᠡᠮᠵᠢᠨ᠂ ᠮᠠᠨ ᠤ ᠲᠥᠪ ᠤᠨ ᠰᠠᠶᠢᠨ ᠳᠤᠷᠠᠴᠤᠳ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠥᠬᠡᠶ ᠬᠡᠷ ᠣᠷᠣᠨ ᠢᠶᠠᠨ ᠪᠥᠲᠥᠭᠡᠨ ᠪᠠᠶᠢᠭᠤᠯᠬᠤ᠂ ᠭᠠᠷ ᠬᠤᠯᠪᠤᠯᠴᠠᠨ ᠡᠵᠢ ᠭᠤᠤᠯ ᠢᠶᠠᠨ ᠬᠠᠮᠲᠤ ᠪᠠᠷ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ᠂ ᠰᠠᠬᠢᠨ ᠬᠠᠮᠠᠭᠠᠯᠠᠭᠴᠢ ᠪᠣᠯᠵᠠᠶ᠃                 2023 ᠣᠨ ᠤ 4 ᠳ᠋ᠦ᠋ᠭᠡᠷ ᠰᠠᠷ᠎ᠠ ᠶᠢᠨ 23 ᠤ ᠡᠳᠦᠷᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤ᠋
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号