ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠭᠳᠡᠪᠡ
ᠨᠡᠶᠢᠲᠡᠯᠡᠭᠰᠡᠨ ᠴᠠᠭ᠄
2023/4/25
  ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 20 ᠠᠴᠠ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠤ ᠶᠠᠪᠤᠳᠠᠯ ᠤᠨ ᠭᠠᠵᠠᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠯᠲᠡᠰ ᠬᠥᠬᠡᠬᠤᠲᠠ ᠳᠤ ︽ᠤᠰᠤᠨ ᠠᠰᠢᠭᠯᠠᠯᠲᠠ ᠶᠢᠨ ᠲᠢᠩᠬᠢᠮ ᠤᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ︾ ᠶᠢ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠠᠬᠢᠭᠤᠯᠬᠤ ᠭᠠᠵᠠᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠵᠢᠴᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠲᠠᠪᠴᠠᠩ ᠢ ᠨᠡᠭᠡᠭᠡᠨ ᠬᠥᠭᠵᠢᠭᠦᠯᠬᠦ ᠨᠢᠭᠡᠴᠢ ᠶᠢᠨ ᠮᠡᠷᠭᠡᠵᠢᠯᠲᠡᠨ ᠢ ᠤᠷᠢᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ᠂ ᠡᠯᠧᠺᠲᠷᠤᠨ ᠬᠦᠰᠦᠨᠦᠭᠲᠦ ᠶᠢᠨ ᠰᠢᠰᠲ᠋ᠧᠮ᠂ ︽ᠲᠠᠨ ᠢ ᠬᠠᠪᠰᠤᠷᠤᠨ ᠭᠦᠢᠴᠡᠳᠬᠡᠬᠦ︾ ᠡᠩᠨᠡᠭᠡ ᠶᠢᠨ ᠪᠠᠶᠢᠭᠤᠯᠤᠯᠲᠠ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠤᠨ ᠬᠡᠷᠡᠭᠯᠡᠯᠲᠡ ᠵᠡᠷᠭᠡ ᠳᠥᠷᠪᠡᠨ ᠲᠠᠯ᠎ᠠ ᠪᠠᠷ ᠲᠤᠰᠬᠠᠶ ᠰᠡᠳᠦᠪᠲᠦ ᠪᠣᠯᠪᠠᠰᠤᠷᠠᠯ ᠬᠢᠯᠭᠡᠵᠡᠶ᠃ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠫᠠᠨ ᠶᠢᠩ ᠬᠤᠸᠠ ᠪᠣᠯᠪᠠᠰᠤᠷᠠᠯ ᠰᠤᠷᠤᠯᠭ᠎ᠠ ᠡᠬᠢᠯᠡᠬᠦ ᠶᠢ ᠡᠷᠭᠢᠯᠡᠵᠦ᠂ ᠤᠰᠤᠨ ᠤ ᠶᠠᠪᠤᠳᠠᠯ ᠤᠨ ᠭᠠᠵᠠᠷ ᠤᠨ ᠳᠠᠷᠤᠭ᠎ᠠ ᠰᠢᠶᠧ ᠵᠢᠶᠠᠩ ᠪᠠᠶᠠᠷ ᠤᠨ ᠦᠭᠡ ᠬᠡᠯᠡᠵᠦ᠂ ᠲᠢᠩᠬᠢᠮ ᠤᠨ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠵᠠᠰᠠᠭ ᠤᠨ ᠶᠠᠪᠤᠳᠠᠯ ᠤᠨ ᠵᠦᠢᠯᠡᠰ ᠢ ᠭᠦᠢᠴᠡᠳᠭᠡᠬᠦ ᠠᠵᠢᠯᠲᠠᠨ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠯᠲᠡᠰ ᠤᠨ ᠪᠥᠬᠦ ᠠᠵᠢᠯᠲᠠᠨ᠂ ᠮᠡᠳᠡᠭᠡ ᠵᠠᠩᠭᠢ ᠶᠢᠨ ᠮᠡᠷᠭᠡᠵᠢᠯ ᠤᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠠᠵᠢᠯᠲᠠᠨ ᠵᠡᠷᠭᠡ 30 ᠭᠠᠷᠤᠶ ᠬᠥᠮᠦᠨ ᠬᠤᠷᠠᠯ ᠳᠤ ᠣᠷᠣᠯᠴᠠᠵᠠᠶ᠃
一体化1.jpg
  ᠪᠣᠯᠪᠠᠰᠤᠷᠠᠯ ᠤᠨ ᠳᠤᠮᠳᠠ᠂ ᠰᠤᠷᠤᠭᠴᠢᠳ ᠪᠠᠭᠰᠢ ᠲᠠᠢ ᠢᠳᠡᠪᠬᠢᠲᠡᠶ ᠪᠠᠷ ᠬᠠᠷᠢᠯᠴᠠᠨ ᠰᠣᠯᠢᠯᠴᠠᠵᠤ᠂ ᠬᠤᠷᠠᠯ ᠳᠤ ᠣᠷᠣᠯᠴᠠᠭᠰᠠᠨ ᠪᠠᠭᠰᠢ ᠨᠠᠷ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠲᠠᠪᠴᠠᠩ ᠪᠠᠶᠢᠭᠤᠯᠬᠤ ᠠᠵᠢᠯ ᠪᠠ ᠤᠰᠤᠨ ᠠᠰᠢᠭᠯᠠᠯᠲᠠ ᠶᠢᠨ ᠲᠢᠩᠬᠢᠮ ᠤᠨ ︽ᠲᠠᠨ ᠢ ᠬᠠᠪᠰᠤᠷᠤᠨ ᠭᠦᠢᠴᠡᠳᠭᠡᠬᠦ︾ ᠦᠢᠯᠡᠴᠢᠯᠡᠭᠡᠨ ᠤ ︽ᠥᠴᠦᠬᠡᠨ ᠴᠦ ᠰᠢᠪᠲᠤᠯᠬᠤ ᠦᠭᠡᠢ︾ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠤᠰᠤᠨ ᠠᠰᠢᠭᠯᠠᠯᠲᠠ ᠶᠢᠨ ︽ᠲᠠᠨ ᠢ ᠬᠠᠪᠰᠤᠷᠤᠨ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠨᠠᠭᠤᠯᠭ᠎ᠠ ᠪᠠ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠳᠤᠷᠠᠳᠪᠠ᠃
一体化2.jpg
  ᠲᠣᠰ ᠤᠳᠠᠭᠠᠨ ᠤ ᠪᠣᠯᠪᠠᠰᠤᠷᠠᠯ ᠪᠣᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠨᠢᠭᠡ ᠤᠳᠠᠭᠠᠨ ᠤ ᠬᠠᠮᠲᠤ ︽ᠴᠠᠬᠢᠯᠭᠠᠨ ᠴᠡᠨᠡᠭᠯᠡᠬᠦ︾᠂ ᠪᠠᠭᠰᠢ ᠶᠢᠨ ᠲᠠᠶᠢᠯᠤᠮᠵᠢ ᠬᠢᠬᠦ᠂ ᠰᠤᠷᠤᠭᠴᠢᠳ ᠤᠨ ᠬᠠᠷᠢᠯᠴᠠᠨ      ᠬᠥᠳᠡᠯᠦᠯᠴᠡᠬᠦ᠂ ᠲᠤᠬᠠᠶ ᠶᠢᠨ ᠲᠠᠯᠠᠪᠠᠢ ᠶᠢᠨ ᠪᠣᠳᠠᠲᠠᠶ ᠪᠣᠯᠪᠠᠰᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠲᠤ ᠨᠢᠭᠡ ᠴᠣᠭᠴᠠᠵᠢᠭᠤᠯᠤᠭᠰᠠᠨ ᠲᠠᠪᠴᠠᠩ ᠤᠨ ᠰᠦᠯᠵᠢᠶᠡᠨ ᠳᠡᠭᠡᠷ᠎ᠡ ᠠᠵᠢᠯᠯᠠᠬᠤ᠂ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯᠯᠠᠭᠠᠨ ᠤ ᠴᠤᠪᠤᠷᠠᠯ ᠢ ᠨᠠᠩ ᠭᠦᠨᠵᠡᠭᠡᠶ ᠡᠵᠡᠮᠰᠢᠭᠦᠯᠵᠦ᠂ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ᠂ ᠤᠰᠤᠨ ᠠᠰᠢᠭᠯᠠᠯᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
一体化3.jpg
  ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠯᠲᠡᠰ ᠡᠬᠡ ᠪᠢᠴᠢᠭ ᠬᠠᠩᠭᠠᠪᠠ ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号