4 ᠳ᠋ᠦ᠋ᠭᠡᠷ ᠰᠠᠷ᠎ᠠ ᠶᠢᠨ 23 ᠤ ᠡᠳᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ | ᠲᠥᠪ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠡᠯᠲᠡᠰ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠬᠡᠯᠲᠡᠰ ᠤᠨ ᠨᠠᠮ ᠤᠨ ᠡᠭᠦᠷ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠪᠠᠷᠢᠮᠵᠢᠶᠠᠵᠢᠭᠤᠯᠬᠤ ᠭᠠᠵᠠᠷ ᠤᠨ ᠨᠠᠮ ᠤᠨ ᠡᠭᠦᠷ᠂ ᠥᠪᠡᠷᠲᠡᠭᠡᠨ ᠵᠠᠰᠠᠬᠤ ᠣᠷᠣᠨ ᠤ | ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠭᠤᠷᠪᠠᠳᠤᠭᠠᠷ ᠨᠠᠮ ᠤᠨ | ᠡᠭᠦᠷ ᠲᠠᠢ ᠬᠠᠮᠲᠤᠷᠠᠨ ︽ᠨᠠᠮ ᠤᠨ ᠪᠠᠶᠢᠭᠤᠯᠤᠯᠲᠠ ᠪᠠᠷ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ | ᠰᠠᠶᠢᠲᠠᠶ ᠬᠥᠭᠵᠢᠯᠲᠡ ᠶᠢ ᠭᠠᠷ ᠬᠤᠯᠪᠣᠨ ᠬᠠᠮᠲᠤ ᠪᠠᠷ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠨᠠᠮ ᠤᠨ | ᠡᠳᠦᠷ ᠤᠨ ᠠᠵᠢᠯᠯᠠᠭ᠎ᠠ ᠥᠷᠨᠢᠭᠦᠯᠪᠡ᠃ ᠭᠤᠷᠪᠠᠨ ᠨᠢᠭᠡᠴᠢ ᠠᠴᠠ ᠢᠷᠡᠭᠰᠡᠨ ᠳᠥᠷᠪᠡᠨ ᠨᠠᠮ ᠤᠨ ᠡᠭᠦᠷ ᠨᠡᠶᠢᠲᠡ 20 | ᠭᠠᠷᠤᠶ ᠨᠠᠮ ᠤᠨ ᠭᠡᠰᠢᠭᠦᠨ ᠺᠠᠳ᠋ᠷ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | | | | | ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ᠲᠤᠬᠠᠢ ᠶᠢᠨ ᠲᠠᠯᠠᠪᠠᠢ ᠳᠤ ᠬᠥᠬᠡᠬᠤᠲᠠ ᠶᠢᠨ ᠬᠤᠳᠠ ᠶᠢ | ᠲᠣᠭᠤᠷᠢᠭᠰᠠᠨ ᠤᠰᠤᠨ ᠰᠢᠰᠲ᠋ᠧᠮ ᠤᠨ ᠢᠨᠵᠧᠨᠧᠷᠢᠩ ︵ᠪᠠᠭ᠎ᠠ ᠲᠦᠷᠭᠡᠨ ᠭᠤᠣᠯ ᠤᠨ ᠵᠠᠮ ᠢ ᠵᠠᠰᠠᠬᠤ | ᠢᠨᠵᠧᠨᠧᠷᠢᠩ︶ ᠪᠣᠯᠤᠨ ᠶᠡᠭᠡ ᠲᠦᠷᠭᠡᠨ ᠭᠤᠣᠯ ᠤᠨ ᠵᠠᠮ ᠢ ᠵᠠᠰᠠᠬᠤ ᠢᠨᠵᠧᠨᠧᠷᠢᠩ ︵ᠬᠤᠳᠠ ᠶᠢᠨ ᠲᠣᠭᠤᠷᠢᠭ ᠤᠨ | ᠬᠡᠰᠡᠭ᠂ ᠢᠦᠢ ᠴᠢᠦᠸᠠᠨ ᠲᠣᠭᠤᠷᠢᠭ ᠤᠨ ᠬᠡᠰᠡᠭ︶ ᠢ ᠪᠠᠶᠢᠴᠠᠭᠠᠨ ᠦᠵᠡᠵᠦ᠂ ᠪᠠᠶᠢᠭᠤᠯᠤᠭᠰᠠᠨ ᠴᠠᠭ ᠨᠢ 10 ᠵᠢᠯ | ᠠᠯᠤᠰᠯᠠᠭᠰᠠᠨ ᠬᠤᠶᠠᠷ ᠤᠰᠤᠨ ᠠᠰᠢᠭᠯᠠᠯᠲᠠ ᠶᠢᠨ ᠢᠨᠵᠧᠨᠧᠷᠢᠩ ᠠᠴᠠ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠤᠯᠠᠮᠵᠢᠯᠠᠯ ᠠᠴᠠ ᠣᠳᠣᠬᠢᠴᠢᠯᠠᠭᠰᠠᠨ ᠬᠥᠭᠵᠢᠯᠲᠡ ᠲᠡᠰᠢ | ᠤᠷᠤᠭᠰᠢᠯᠠᠭᠰᠠᠨ ᠥᠩᠭᠡᠷᠡᠯᠲᠡ ᠶᠢ ᠣᠶᠢᠯᠠᠭᠠᠵᠤ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠤᠨ | ᠭᠤᠣᠯ ᠤᠨ ᠵᠠᠮ ᠢ ᠵᠠᠰᠠᠬᠤ ᠢᠨᠵᠧᠨᠧᠷᠢᠩ ᠳᠠᠬᠢ ᠬᠡᠷᠡᠭᠯᠡᠯᠲᠡ ᠨᠢ ᠦᠶᠡᠷ ᠤᠰᠤᠳᠤᠯ ᠭᠠᠩ ᠤᠨ ᠭᠠᠮᠰᠢᠭ ᠢ | ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠠᠰᠠ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠪᠠᠷᠢᠮᠵᠢᠶᠠᠵᠢᠭᠤᠯᠤᠯᠲᠠ ᠶᠢ ᠠᠬᠢᠭᠤᠯᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | | | | | | ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ᠂ ᠪᠦᠬᠦ ᠨᠠᠮ ᠤᠨ ᠭᠡᠰᠢᠭᠦᠳ ᠨᠠᠮ ᠳᠤ ᠣᠷᠣᠬᠤ | ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠴᠢᠨᠠᠭᠰᠢᠳᠠ | ᠪᠠᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠲᠤᠬᠠᠶ ᠶᠢᠨ | ᠲᠠᠯᠠᠪᠠᠶ ᠳᠤ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠲᠥᠪ ᠤᠨ ᠳᠡᠳ᠋ ᠡᠷᠬᠢᠯᠡᠭᠴᠢ ᠫᠠᠨ ᠶᠢᠩ ᠬᠤᠸᠠ | ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠭ᠎ᠠ ᠳᠤ 4 ᠨᠠᠮ ᠤᠨ ᠡᠭᠦᠷ ᠢ ᠵᠣᠬᠢᠶᠠᠨ ᠪᠠᠶᠢᠭᠤᠯᠤᠨ | ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠲᠥᠪ ᠤᠨ ᠪᠥᠲᠥᠭᠡᠨ | ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠵᠧᠩ ᠵᠢᠶᠠ ᠸᠧᠶ ᠶᠢᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠬᠥᠭᠵᠢᠯᠲᠡ ᠶᠢᠨ ᠲᠦᠢᠮᠣ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠪᠠᠷᠢᠮᠵᠢᠶᠠᠵᠢᠭᠤᠯᠤᠯᠲᠠ ᠶᠢᠨ ᠭᠠᠵᠠᠷ ᠤᠨ ᠳᠠᠷᠤᠭ᠎ᠠ ᠹᠸᠢ ᠢ ᠣᠳᠣᠬᠠᠨ ᠤ ᠪᠠᠷᠢᠮᠵᠢᠶᠠᠵᠢᠭᠤᠯᠤᠯᠲᠠ ᠶᠢᠨ ᠠᠵᠢᠯ ᠤᠨ | ᠪᠠᠶᠢᠳᠠᠯ᠂ ᠡᠭᠦᠷᠭᠡ ᠵᠢᠴᠢ ᠱᠠᠭᠠᠷᠳᠠᠯᠭ᠎ᠠ ᠶᠢ ᠲᠠᠨᠢᠯᠴᠠᠭᠤᠯᠤᠭᠰᠠᠨ ᠪᠥᠭᠡᠳ ᠤᠰᠤᠨ ᠠᠰᠢᠭᠯᠠᠯᠲᠠ ᠶᠢᠨ | ᠪᠠᠷᠢᠮᠵᠢᠶᠠᠵᠢᠭᠤᠯᠤᠯᠲᠠ ᠶᠢᠨ ᠠᠵᠢᠯ ᠢ ᠠᠬᠢᠭᠤᠯᠬᠤ ᠲᠠᠯ᠎ᠠ ᠪᠠᠷ ᠮᠠᠰᠢ ᠴᠢᠩᠭ᠎ᠠ ᠵᠢᠯᠣᠭᠤᠳᠬᠤ ᠰᠠᠨᠠᠯ ᠳᠤᠷᠠᠳᠴᠤ᠂ | ᠭᠠᠵᠠᠷ ᠣᠷᠣᠨ ᠤ ᠪᠤᠰᠤᠳ ᠨᠥᠬᠦᠳ ᠲᠣᠰ ᠲᠣᠰ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠵᠢᠴᠢ | ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠬᠤ ᠠᠵᠢᠯ ᠤᠨ ᠲᠤᠬᠠᠶ ᠰᠠᠨᠠᠯ ᠢᠶᠠᠨ ᠰᠣᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠪᠠᠶᠢᠴᠠᠭᠠᠯᠲᠠ ᠶᠢᠨ ᠬᠤᠷᠢᠶᠠᠨ ᠤ ᠷᠧᠨ ᠸᠧᠶ ᠳᠡᠳ᠋ ᠬᠤᠷᠢᠶᠠᠨ | ᠳᠠᠷᠤᠭ᠎ᠠ ᠲᠥᠪ ᠯᠤᠭ᠎ᠠ ᠶᠢᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠬᠤ ᠪᠣᠳᠠᠲᠠᠶ ᠰᠠᠨᠠᠭᠤᠯᠭ᠎ᠠ ᠳᠤᠷᠠᠳᠪᠠ᠃ | | | | | | ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠬᠦ ᠪᠠ ᠶᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢ ᠠᠪᠴᠤ᠂ ᠠᠵᠢᠯ ᠲᠥᠷᠥᠯ ᠤᠨ ᠳᠤᠲᠤᠭᠠᠳᠤ | ᠭᠠᠳᠠᠭᠠᠳᠤ ᠨᠠᠮ ᠤᠨ ᠡᠭᠦᠷ ᠬᠠᠮᠲᠤᠷᠠᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠰᠢᠨ᠎ᠡ ᠵᠠᠭᠪᠤᠷ ᠤᠨ | ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠴᠠᠭ ᠤᠨ ᠲᠣᠬᠢᠷᠠᠭᠤᠯᠤᠯᠲᠠ ᠨᠢ ᠠᠪᠰᠠᠷᠬᠠᠨ᠂ | ᠠᠵᠢᠯᠯᠠᠭ᠎ᠠ ᠶᠢᠨ ᠦᠷ᠎ᠡ ᠪᠦᠲᠦᠮᠵᠢ ᠨᠢ ᠢᠯᠡᠷᠬᠡᠶ ᠪᠠᠶᠢᠵᠤ᠂ ᠡᠯ᠎ᠡ ᠨᠠᠮ ᠤᠨ ᠡᠭᠦᠷ ᠤᠨ ᠨᠠᠮ ᠤᠨ ᠭᠡᠰᠢᠭᠦᠨ | ᠺᠠᠳ᠋ᠷᠴᠤᠳ ᠤᠨ ᠨᠢᠭᠡᠳᠦᠯᠲᠡᠶ ᠨᠤᠲᠠᠯᠠᠯᠲᠠ ᠶᠢ ᠣᠯᠵᠤ᠂ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ | ᠠᠵᠢᠯ ᠤᠨ ᠬᠤᠶᠠᠷ ᠢ ᠠᠭᠤᠰᠤᠯᠴᠠᠭᠤᠯᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ᠂ ᠤᠰᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠪᠠᠷ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠨᠠᠮ ᠤᠨ ᠡᠭᠦᠷ︶ | |