| | ᠫᠧᠩ ᠶᠠ ᠯᠢ | ᠲᠤᠰᠢᠶᠠᠯ᠄ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ | ᠳᠠᠷᠤᠭ᠎ᠠ᠃ | ᠠᠵᠢᠯ ᠤᠨ ᠬᠤᠪᠢᠶᠠᠷᠢ᠄ ᠱᠧᠩ ᠰᠢᠶᠣᠤ ᠶᠢᠤ ᠨᠦᠬᠦᠷ ᠢ ᠬᠠᠪᠰᠣᠷᠣᠨ ᠨᠠᠮ ᠪᠠ ᠤᠯᠠᠨ ᠲᠦᠮᠡᠨᠴᠢ ᠵᠤᠬᠢᠶᠠᠨ | ᠪᠠᠶᠢᠭᠤᠯᠤᠯᠳᠠ ᠶᠢᠨ ᠠᠵᠢᠯ᠂ ᠰᠠᠬᠢᠯᠭ᠎ᠠ ᠪᠠᠳᠣ ᠪᠠᠶᠢᠴᠠᠭᠠᠬᠤ᠂ ᠦᠨᠳᠦᠰᠦᠲᠡᠨ᠂ ᠶᠡᠷᠦᠩᠬᠡᠶᠢᠯᠡᠭᠰᠡᠨ ᠵᠠᠰᠠᠭ ᠤᠨ | ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠵᠢᠯᠲᠠᠨ ᠤ ᠶᠠᠪᠤᠳᠠᠯ᠂ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ᠂ ᠠᠰᠢᠭᠯᠠᠯᠲᠠ ᠶᠢᠨ ᠬᠢᠨᠠᠯᠲᠠ ᠲᠠᠯᠪᠢᠯᠲᠠ᠂ ᠠᠶᠤᠯᠭᠦᠢ ᠦᠢᠯᠡᠳᠪᠦᠷᠢᠯᠡᠯ᠂ ᠤᠰᠤᠨ | ᠠᠰᠢᠭᠯᠠᠯᠲᠠ ᠶᠢᠨ ᠮᠡᠳᠡᠭᠡ ᠵᠠᠩᠭᠢᠵᠢᠯᠲᠠ ᠵᠢᠴᠢ ᠲᠣᠭᠠᠴᠢᠯᠠᠭᠰᠠᠨ ᠢᠬᠡᠷ᠎ᠡ ᠰᠠᠪᠠ ᠭᠠᠵᠠᠷ ᠤᠨ ᠪᠦᠲᠦᠭᠡᠨ | ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ | ᠲᠠᠯᠪᠢᠬᠤ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠣᠰᠣᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ | ᠪᠠᠲᠤᠯᠠᠭ᠎ᠠ ᠶᠢᠨ ᠲᠥᠪ᠂ ᠬᠠᠲᠤᠨ ᠭᠤᠣᠯ ᠤᠨ ᠰᠠᠨ ᠱᠧᠩ ᠭᠤᠩ ᠣᠰᠣᠨ ᠠᠰᠢᠭᠯᠠᠯᠲᠠ ᠶᠢᠨ ᠵᠠᠩᠭᠢᠯᠠᠭ᠎ᠠ ᠶᠢᠨ | ᠬᠠᠮᠢᠶᠠᠷᠤᠯᠲᠠ ᠶᠢᠨ ᠲᠥᠪ᠂ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠥᠪ ᠢ ᠬᠤᠪᠢᠳᠠᠨ | ᠬᠠᠮᠢᠶᠠᠷᠤᠨ᠎ᠠ᠃ | ᠲᠣᠪᠴᠢ ᠨᠠᠮᠳᠠᠷ᠄ | ᠫᠧᠩ ᠶᠠ ᠯᠢ᠂ ᠡᠮᠡᠭᠲᠡᠢ᠂ ᠮᠣᠩᠭᠤᠯ ᠦᠨᠳᠦᠰᠦᠲᠡᠨ᠂ 1969 ᠣᠨ ᠤ 6 ᠳ᠋ᠤᠭᠠᠷ ᠰᠠᠷ᠎ᠠ ᠳᠤ ᠲᠦᠷᠦᠵᠠᠢ᠂ | ᠾᠧᠪᠧᠢ ᠶᠢᠨ ᠴᠢᠶᠠᠨ ᠠᠨ ᠬᠤᠲᠠ ᠳᠤ ᠨᠤᠲᠤᠭ ᠲᠠᠢ᠂ 1991 ᠣᠨ ᠤ 8 ᠳ᠋ᠤᠭᠠᠷ ᠰᠠᠷ᠎ᠠ ᠠᠴᠠ ᠠᠵᠢᠯ ᠳᠤ | ᠣᠷᠣᠯᠴᠠᠵᠤ᠂ 2003 ᠣᠨ ᠤ 7 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠢᠩᠬᠢᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃ | 1987.09—1994.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠯᠧᠺᠳ᠋ᠷᠣᠨ ᠤᠬᠠᠭᠠᠨ | ᠬᠢᠭᠡᠳ ᠮᠡᠳᠡᠭᠡ ᠵᠠᠩᠭᠢ ᠶᠢᠨ ᠰᠢᠰᠲ᠋ᠧᠮ ᠤᠨ ᠲᠤᠰᠬᠠᠶ ᠮᠡᠷᠭᠡᠵᠢᠯ ᠳᠤ ᠰᠤᠷᠤᠯᠴᠠᠪᠠ᠃ | 1991.07—1991.07 ᠠᠵᠢᠯ ᠡᠷᠢᠵᠦ ᠪᠠᠶᠢᠵᠠᠢ᠃ | 1991.08—1996.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠦᠬᠡᠴᠡᠯᠡᠬᠦ | ᠲᠣᠪᠴᠢᠶᠠᠨ ᠤ ᠨᠠᠢᠮᠠ ᠭᠤᠷᠪᠠ ᠵᠢᠷᠭᠤᠭ᠎ᠠ ᠭᠠᠵᠠᠷ ᠤᠨ ᠭᠡᠰᠢᠭᠦᠴᠢ᠃ | 1996.05—1997.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ︵ᠲᠤᠷᠰᠢᠨ ᠬᠡᠷᠡᠭᠯᠡᠬᠦ ᠬᠤᠭᠤᠴᠠᠭ᠎ᠠ ︶᠃ | 1997.06—1999.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠭᠡᠰᠢᠭᠦᠴᠢ᠃ | 1999.05—2001.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠳᠡᠳ᠋ ᠡᠷᠬᠢᠯᠡᠭᠴᠢ ᠭᠡᠰᠢᠭᠦᠴᠢ᠃ | 2001.03—2011.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠡᠷᠬᠢᠯᠡᠭᠴᠢ ᠭᠡᠰᠢᠭᠦᠴᠢ᠃ | ︵ᠡᠨᠡ ᠬᠤᠭᠤᠴᠠᠭᠠᠨ ᠳᠤ᠄ 2000.09—2003.07 ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠲᠠᠷᠢᠶᠠᠯᠠᠩ ᠤᠨ ᠢᠨᠵᠧᠨᠧᠷᠢᠩ ᠤᠨ ᠲᠤᠰᠬᠠᠢ ᠮᠡᠷᠭᠡᠵᠢᠯ ᠰᠤᠷᠤᠯᠴᠠᠵᠤ᠂ ᠢᠨᠵᠧᠨᠧᠷᠢᠩ ᠤᠨ | ᠮᠠᠰᠲ᠋ᠧᠷ ᠤᠨ ᠴᠣᠯᠠ ᠢ ᠣᠯᠪᠠ︶ | 2011.01—2018.01ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠣᠰᠣᠨ ᠤ ᠡᠬᠢ ᠪᠠᠶᠠᠯᠢᠭ ᠤᠨ ᠭᠠᠵᠠᠷ ᠤᠨ ᠳᠡᠳ᠋ ᠭᠠᠵᠠᠷ ᠤᠨ ᠳᠠᠷᠤᠭ᠎ᠠ᠃ | 2018.01—2019.08ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠦᠨᠪᠠᠶᠢᠭᠤᠯᠭᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ᠃ | 2019.08—2021.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ᠃ | 2021.04—2022.12ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ᠂ | ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠃ | 2022.12 ᠳ᠋ᠤᠭᠠᠷ ᠰᠠᠷ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ | ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠡᠢ᠃ | |