ᠯᠢ ᠪᠢᠨ
ᠨᠡᠶᠢᠲᠡᠯᠡᠭᠰᠡᠨ ᠴᠠᠭ᠄
2023/4/26
       李斌.jpg
ᠯᠢ ᠪᠢᠨ  ᠲᠤᠰᠢᠶᠠᠯ᠄ ᠳᠡᠳ᠋ ᠲᠢᠩᠬᠢᠮ ᠤᠨ ᠳᠠᠷᠤᠭ᠎ᠠ  ᠠᠵᠢᠯ ᠤᠨ ᠬᠤᠪᠢᠶᠠᠷᠢ᠄ ᠱᠧᠩ ᠰᠢᠶᠣᠤ ᠶᠢᠤ ᠨᠦᠬᠦᠷ ᠢ ᠬᠠᠪᠰᠣᠷᠣᠨ ᠣᠰᠣᠨ ᠤ ᠡᠬᠢ ᠪᠠᠶᠠᠯᠢᠭ ᠤᠨ ᠬᠠᠮᠢᠶᠠᠷᠤᠯᠲᠠ᠂ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃  ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ᠂ ᠤᠰᠤᠨ ᠤ ᠶᠠᠪᠤᠳᠠᠯ ᠤᠨ ᠭᠠᠵᠠᠷ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠭᠠᠵᠠᠷ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ᠂ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠢ ᠬᠤᠪᠢᠳᠠᠨ ᠬᠠᠮᠢᠶᠠᠷᠤᠨ᠎ᠠ᠃  ᠲᠣᠪᠴᠢ ᠨᠠᠮᠳᠠᠷ᠄  ᠯᠢ ᠪᠢᠨ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 9 ᠳ᠋ᠤᠭᠠᠷ ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠨᠤᠲᠤᠭ ᠲᠠᠢ᠂ 1987 ᠣᠨ ᠤ 7 ᠳ᠋ᠤᠭᠠᠷ ᠰᠠᠷ᠎ᠠ ᠠᠴᠠ ᠠᠵᠢᠯ ᠳᠤ ᠣᠷᠣᠯᠴᠠᠵᠤ᠂ ᠨᠠᠮ ᠪᠦᠯᠦᠭ ᠤᠨ ᠪᠤᠰᠤ ᠬᠦᠮᠦᠰ ᠂ ᠳ᠋ᠣᠺᠲ᠋ᠣᠷ ᠤᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠲᠢᠩᠬᠢᠮ  ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃  1983.09—1987.07 ᠴᠧᠩᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠤᠰᠤᠨ ᠵᠦᠶ ᠶᠢᠨ ᠰᠤᠳᠤᠯᠤᠯ ᠵᠢᠴᠢ ᠤᠰᠤᠨ ᠤ ᠡᠬᠢ ᠪᠠᠶᠠᠯᠢᠭ ᠢ ᠠᠰᠢᠭᠯᠠᠬᠤ ᠲᠤᠰᠬᠠᠶ ᠮᠡᠷᠭᠡᠵᠢᠯ ᠳᠤ  ᠰᠤᠷᠤᠯᠴᠠᠪᠠ᠃  1987.07—1988.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ  ︵ᠲᠤᠷᠰᠢᠨ ᠬᠡᠷᠡᠭᠯᠡᠬᠦ ᠬᠤᠭᠤᠴᠠᠭ᠎ᠠ ︶᠃  1988.07—1994.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ  ᠵᠢᠷᠤᠭ ᠲᠥᠯᠥᠪᠯᠡᠭᠡᠨ ᠤ ᠬᠦᠷᠢᠶᠡᠯᠡᠩ ᠤᠨ ᠲᠤᠰᠠᠯᠠᠭᠴᠢ ᠢᠨᠵᠧᠨᠧᠷ᠃  1994.04—1997.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ  ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠢᠨᠵᠧᠨᠧᠷ᠃  1997.01—2000.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠮᠡᠳᠡᠭᠡ ᠵᠠᠩᠭᠢ ᠶᠢᠨ ᠲᠥᠪ ᠤᠨ ᠢᠨᠵᠧᠨᠧᠷ᠃  2000.09—2007.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠮᠡᠳᠡᠭᠡ ᠵᠠᠩᠭᠢ ᠶᠢᠨ ᠲᠥᠪ ᠤᠨ ᠳᠡᠭᠡᠳᠦ ᠵᠡᠷᠭᠡ ᠶᠢᠨ ᠢᠨᠵᠧᠨᠧᠷ᠃  2007.02—2011.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠶᠠᠪᠤᠳᠠᠯ ᠢ ᠬᠢᠨᠠᠨ ᠬᠠᠮᠢᠶᠠᠷᠬᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ᠃  2011.01—2017.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ ᠭᠠᠵᠠᠷ ︵ᠪᠥᠬᠦ ᠣᠷᠣᠨ ᠤ ᠤᠰᠤ ᠶᠢ ᠠᠷᠪᠢᠯᠠᠨ  ᠬᠡᠷᠡᠭᠯᠡᠬᠦ ᠠᠯᠪᠠᠨ ᠬᠡᠷ︶ ᠤᠨ ᠳᠡᠳ᠋ ᠭᠠᠵᠠᠷ ᠤᠨ ᠳᠠᠷᠤᠭ᠎ᠠ᠃  2017.02—2018.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ ᠭᠠᠵᠠᠷ ︵ᠪᠥᠬᠦ ᠣᠷᠣᠨ ᠤ ᠤᠰᠤ ᠶᠢ ᠠᠷᠪᠢᠯᠠᠨ ᠬᠡᠷᠡᠭᠯᠡᠬᠦ ᠠᠯᠪᠠᠨ ᠬᠡᠷ︶ ᠤᠨ ᠳᠠᠷᠤᠭ᠎ᠠ᠃  2018.01—2019.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠣᠯ ᠨᠠᠭᠤᠷ ᠤᠨ ᠭᠠᠵᠠᠷ ᠤᠨ ᠳᠠᠷᠤᠭ᠎ᠠ᠃  ︵ᠡᠨᠡ ᠬᠤᠭᠤᠴᠠᠭᠠᠨ ᠳᠤ᠄ 2013.09—2018.06 ᠠᠵᠢᠯ ᠤᠨ ᠪᠠᠶᠢᠷᠢ ᠳᠡᠭᠡᠷ᠎ᠡ ᠪᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠤᠰᠤᠨ ᠤ ᠡᠬᠢ ᠪᠠᠶᠠᠯᠢᠭ ᠢ ᠠᠰᠢᠭᠯᠠᠬᠤ ᠪᠠ ᠬᠠᠮᠠᠭᠠᠯᠠᠬᠤ ᠲᠤᠰᠬᠠᠶ ᠮᠡᠷᠭᠡᠵᠢᠯ  ᠳᠤ  ᠠᠰᠫᠢᠷᠠᠨᠲ  ᠢᠶᠠᠷ ᠰᠤᠷᠤᠯᠴᠠᠵᠤ᠂ ᠢᠨᠵᠧᠨᠧᠷᠢᠩ ᠤᠨ ᠤᠬᠠᠭᠠᠨ ᠤ ᠳ᠋ᠣᠺᠲ᠋ᠣᠷᠠᠨᠲ ᠤᠨ ᠴᠣᠯᠠ ᠶᠢ ᠣᠯᠪᠠ ︶᠃  2019.04—2019.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠭᠠᠵᠠᠷ ᠤᠨ      ᠳᠠᠷᠤᠭ᠎ᠠ᠃   2019.08—2019.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ ᠢᠨᠵᠧᠨᠧᠷ᠂ ᠭᠤᠤᠯ ᠮᠥᠷᠡᠨ ᠨᠠᠭᠤᠷ ᠴᠥᠭᠦᠷᠥᠮ ᠤᠨ  ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ᠃  2019.12—2020.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ ᠢᠨᠵᠧᠨᠧᠷ᠃  2020.03—2020.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠃  2020.05 ᠳ᠋ᠤᠭᠠᠷ ᠰᠠᠷ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠲᠢᠩᠬᠢᠮ ᠤᠨ ᠲᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃  ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号