4 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ ᠠᠴᠠ ᠬᠥᠬᠡᠬᠤᠲᠠ ᠳᠤ ᠨᠦᠯᠦᠮᠡᠯ ᠭᠠᠵᠠᠷ ᠤᠨ ᠬᠠᠰᠢᠯᠭ᠎ᠠ ᠶᠢᠨ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠵᠢᠴᠢ ᠨᠦᠯᠦᠮᠡᠯ | ᠭᠠᠵᠠᠷ ᠤᠨ ᠬᠠᠰᠢᠯᠭ᠎ᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠭᠡᠨ ᠤ ᠮᠡᠷᠭᠡᠵᠢᠯ ᠤᠨ | ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠯ ᠪᠣᠯ ᠨᠦᠯᠦᠮᠡᠯ ᠭᠠᠵᠠᠷ ᠤᠨ | ᠬᠠᠰᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠠᠮᠤᠷ ᠲᠦᠪᠰᠢᠨ ᠤ ᠬᠡᠷᠡᠭᠯᠡᠯᠲᠡ | ᠬᠠᠮᠢᠶᠠᠷᠤᠯᠲᠠ ᠶᠢᠨ ᠠᠵᠢᠯ ᠢ ᠳᠡᠭᠡᠭᠰᠢᠯᠡᠭᠦᠯᠬᠦ ᠪᠣᠯᠪᠠᠰᠤᠷᠠᠯ ᠮᠥᠨ᠂ ᠪᠠᠰᠠ ᠴᠤ ᠲᠤᠰᠬᠠᠶ ᠠᠵᠢᠯᠯᠠᠭ᠎ᠠ ᠶᠢ ᠪᠥᠬᠦ | ᠲᠠᠯ᠎ᠠ ᠪᠠᠷ ᠡᠬᠢᠯᠡᠭᠦᠯᠬᠦ ᠪᠠ ᠬᠠᠮᠢᠶᠠᠷᠬᠤ ᠰᠢᠰᠲ᠋ᠧᠮ ᠢ ᠪᠥᠬᠦ ᠲᠠᠯ᠎ᠠ ᠪᠠᠷ ᠡᠬᠢᠯᠡᠵᠦ ᠬᠡᠷᠡᠭᠯᠡᠬᠦ ᠠᠵᠢᠯ ᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠃ ᠤᠰᠤᠨ ᠠᠰᠢᠭᠯᠠᠯᠲᠠ ᠶᠢᠨ ᠲᠢᠩᠬᠢᠮ ᠤᠨ ᠬᠥᠷᠥᠰᠥ ᠰᠢᠷᠣᠶ ᠶᠢ ᠬᠠᠮᠠᠭᠠᠯᠠᠬᠤ | ᠭᠠᠵᠠᠷ ᠤᠨ ᠬᠠᠷᠢᠭᠤᠴᠠᠯᠭᠠᠲᠠᠨ ᠣᠷᠣᠯᠴᠠᠭᠰᠠᠨ ᠪᠥᠭᠡᠳ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ | ᠬᠠᠲᠤᠨ ᠭᠤᠤᠯ ᠤᠨ ᠺᠣᠮᠢᠰ ᠤᠨ ᠬᠥᠷᠥᠰᠥ ᠰᠢᠷᠣᠶ ᠶᠢ ᠬᠠᠮᠠᠭᠠᠯᠠᠬᠤ ᠲᠣᠪᠴᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠠᠭᠰᠢ ᠶᠢ ᠤᠷᠢᠵᠤ ᠨᠦᠯᠦᠮᠡᠯ ᠭᠠᠵᠠᠷ ᠤᠨ ᠬᠠᠰᠢᠯᠭ᠎ᠠ ᠶᠢᠨ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠲᠤᠰᠬᠠᠶ ᠪᠠᠶᠢᠴᠠᠭᠠᠬᠤ ᠠᠵᠢᠯ ᠤᠨ ᠲᠠᠰ ᠳᠠᠷᠠᠭᠠᠯᠠᠯ᠂ | ᠠᠭᠤᠯᠭ᠎ᠠ᠂ ᠠᠷᠭ᠎ᠠ ᠪᠣᠯᠤᠨ ᠦᠢᠯᠡ ᠠᠵᠢᠯᠯᠠᠭ᠎ᠠ ᠶᠢᠨ ᠵᠢᠷᠤᠮᠵᠢᠯ᠂ ᠨᠦᠯᠦᠮᠡᠯ ᠭᠠᠵᠠᠷ ᠤᠨ ᠬᠠᠰᠢᠯᠭ᠎ᠠ ᠶᠢ ᠳᠡᠩᠰᠡᠯᠡᠨ | ᠲᠡᠮᠳᠡᠭᠯᠡᠬᠦ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢ ᠵᠠᠯᠭᠠᠨ ᠣᠷᠣᠭᠤᠯᠬᠤ᠂ ᠰᠢᠰᠲ᠋ᠧᠮ ᠤᠨ | ᠠᠵᠢᠯᠯᠠᠭ᠎ᠠ ᠪᠠ ᠬᠠᠮᠠᠭᠠᠯᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠠ᠃ ᠪᠣᠯᠪᠠᠰᠤᠷᠠᠯ ᠢᠶᠠᠷ | ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠤᠨ ᠬᠠᠮᠢᠶᠠᠷᠤᠯᠲᠠ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ | ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠠᠵᠢᠯ ᠢᠶᠠᠨ ᠤᠷᠤᠭᠰᠢᠲᠠᠶ | ᠥᠷᠨᠢᠭᠦᠯᠬᠦ ᠳᠤ ᠰᠠᠶᠢᠨ ᠰᠠᠭᠤᠷᠢ ᠲᠠᠯᠪᠢᠪᠠ᠃ | | | | | | ᠥᠪᠡᠷᠲᠡᠭᠡᠨ ᠵᠠᠰᠠᠬᠤ ᠣᠷᠣᠨ ᠤ ᠨᠦᠯᠦᠮᠡᠯ ᠭᠠᠵᠠᠷ ᠤᠨ ᠬᠠᠰᠢᠯᠭ᠎ᠠ ᠶᠢᠨ ᠪᠠᠷᠢᠯᠭ᠎ᠠ ᠳᠤ ᠬᠤᠯᠪᠣᠭᠳᠠᠬᠤ | ᠠᠶᠢᠮᠠᠭ ᠬᠤᠲᠠ᠂ ᠬᠤᠰᠢᠭᠤ ᠰᠢᠶᠠᠨ ᠤ ᠤᠰᠤᠨ ᠠᠰᠢᠭᠯᠠᠯᠲᠠ ︵ᠶᠠᠪᠤᠳᠠᠯ︶ ᠶᠢᠨ ᠲᠣᠪᠴᠢᠶ᠎ᠠ ᠶᠢᠨ ᠬᠤᠪᠢᠳᠠᠨ | ᠬᠠᠮᠢᠶᠠᠷᠬᠤ ᠤᠳᠤᠷᠢᠳᠤᠯᠭ᠎ᠠ ᠪᠠ ᠮᠡᠷᠭᠡᠵᠢᠯ ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠬᠥᠷᠥᠰᠥ ᠰᠢᠷᠣᠶ ᠶᠢ ᠬᠠᠮᠠᠭᠠᠯᠠᠬᠤ ᠭᠠᠵᠠᠷ᠂ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠤᠨ | ᠬᠠᠮᠢᠶ᠎ᠠ ᠪᠥᠬᠦᠶ ᠠᠵᠢᠯᠲᠠᠨ ᠨᠡᠶᠢᠲᠡ 80 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠥᠷᠥᠰᠥ ᠰᠢᠷᠣᠢ ᠶᠢ | ᠬᠠᠮᠠᠭᠠᠯᠠᠬᠤ ᠶᠠᠮᠤᠨ ᠤ ᠸᠠᠩ ᠬᠤ᠋ ᠭᠠᠩ︶ | | |