ᠭᠤᠣ ᠮᠢᠩ ᠲᠠᠩ
ᠨᠡᠶᠢᠲᠡᠯᠡᠭᠰᠡᠨ ᠴᠠᠭ᠄
2023/4/26
高明堂.jpg
ᠭᠤᠤ ᠮᠢᠩ ᠲᠠᠩ  ᠲᠤᠰᠢᠶᠠᠯ᠄ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠃  ᠠᠵᠢᠯ ᠤᠨ ᠬᠤᠪᠢᠶᠠᠷᠢ᠄ ᠱᠧᠩ ᠰᠢᠶᠣᠤ ᠶᠢᠤ ᠨᠦᠬᠦᠷ ᠢ ᠬᠠᠪᠰᠣᠷᠣᠨ ᠬᠦᠷᠦᠰᠦ ᠰᠢᠷᠣᠢ ᠶᠢ ᠬᠠᠮᠠᠭᠠᠯᠠᠬᠤ᠂ ᠬᠥᠳᠡᠭᠡ ᠲᠣᠰᠬᠤᠨ ᠮᠠᠯᠵᠢᠬᠤ ᠣᠷᠣᠨ ᠤ ᠣᠰᠣᠨ ᠠᠰᠢᠭᠯᠠᠯᠲᠠ᠂ ᠠᠵᠢᠯ ᠠᠴᠠ ᠪᠠᠨ ᠠᠮᠠᠷᠠᠭᠰᠠᠨ ᠺᠠᠳ᠋ᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃  ᠬᠦᠷᠦᠰᠦ ᠰᠢᠷᠣᠢ ᠶᠢ ᠬᠠᠮᠠᠭᠠᠯᠠᠬᠤ ᠭᠠᠵᠠᠷ᠂ ᠬᠥᠳᠡᠭᠡ ᠲᠣᠰᠬᠤᠨ ᠮᠠᠯᠵᠢᠬᠤ ᠣᠷᠣᠨ ᠤ ᠣᠰᠣᠨ ᠠᠰᠢᠭᠯᠠᠯᠲᠠ ᠶᠢᠨ ᠭᠠᠵᠠᠷ᠂ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ᠂ ᠬᠠᠲᠤᠨ ᠭᠤᠣᠯ ᠤᠨ ᠳ᠋ᠧᠩᠺᠧᠦ ᠶᠢᠨ ᠤᠰᠤ ᠲᠠᠲᠠᠬᠤ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ᠢ ᠬᠤᠪᠢᠳᠠᠨ      ᠬᠠᠮᠢᠶᠠᠷᠤᠨ᠎ᠠ᠃  ᠲᠣᠪᠴᠢ ᠨᠠᠮᠳᠠᠷ᠄  ᠭᠤᠤ ᠮᠢᠩ ᠲᠠᠩ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 10 ᠳ᠋ᠤᠭᠠᠷ ᠰᠠᠷ᠎ᠠ ᠳᠤ ᠲᠦᠷᠦᠵᠠᠢ᠂ ᠯᠢᠶᠣᠤᠨᠢᠩ ᠤᠨ ᠯᠢᠶᠣᠤᠶᠠᠩ ᠬᠤᠲᠠ ᠳᠤ ᠨᠤᠲᠤᠭ ᠲᠠᠢ᠂ 2000 ᠣᠨ ᠤ 7 ᠳ᠋ᠤᠭᠠᠷ ᠰᠠᠷ᠎ᠠ ᠠᠴᠠ ᠠᠵᠢᠯ ᠳᠤ ᠣᠷᠣᠯᠴᠠᠵᠤ᠂ 1998 ᠣᠨ ᠤ 12 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ  ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃    1996.09 — 2000.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠬᠢᠭᠡᠳ ᠰᠢᠷᠣᠶ ᠮᠣᠳᠣᠨ ᠤ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ ᠳᠤ ᠰᠤᠷᠤᠯᠴᠠᠪᠠ᠃  2000.07—2001.08 ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ︵ᠲᠤᠷᠰᠢᠨ ᠬᠡᠷᠡᠭᠯᠡᠬᠦ ᠬᠤᠭᠤᠴᠠᠭ᠎ᠠ ︶᠃  2001.08—2006.07 ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠵᠢᠷᠤᠭ ᠲᠥᠯᠥᠪᠯᠡᠭᠡᠨ ᠤ ᠭᠠᠵᠠᠷ ᠤᠨ ᠲᠤᠰᠠᠯᠠᠭᠴᠢ ᠢᠨᠵᠧᠨᠧᠷ᠃  2006.07—2008.05 ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠵᠢᠷᠤᠭ ᠲᠥᠯᠥᠪᠯᠡᠭᠡᠨ ᠤ ᠭᠠᠵᠠᠷ ᠤᠨ ᠢᠨᠵᠧᠨᠧᠷ᠃  2008.05—2014.04 ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠡᠵᠡᠩᠨᠡᠯᠲᠡ ᠶᠢᠨ ᠭᠠᠵᠠᠷ ᠤᠨ ᠢᠨᠵᠧᠨᠧᠷ᠃  ︵ᠡᠨᠡ ᠬᠤᠭᠤᠴᠠᠭᠠᠨ ᠳᠤ᠄ 2009.04—2013.06 ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ  ᠪᠠᠷᠢᠯᠭ᠎ᠠ ᠪᠠ ᠰᠢᠷᠣᠢ ᠮᠣᠳᠣᠨ ᠤ ᠢᠨᠵᠧᠨᠧᠷᠢᠩ ᠤᠨ ᠲᠤᠰᠬᠠᠢ ᠮᠡᠷᠭᠡᠵᠢᠯ ᠢ ᠰᠤᠷᠤᠯᠴᠠᠵᠤ᠂ ᠢᠨᠵᠧᠨᠧᠷᠢᠩ ᠤᠨ ᠮᠠᠰᠲ᠋ᠧᠷ ᠤᠨ ᠴᠣᠯᠠ ᠢ ᠣᠯᠪᠠ᠃ 2012.09 ᠤᠰᠤᠨ ᠠᠰᠢᠭᠯᠠᠯᠲᠠ ᠶᠢᠨ ᠳᠡᠭᠡᠳᠦ ᠵᠡᠷᠭᠡ ᠶᠢᠨ ᠢᠨᠵᠧᠨᠧᠷ ᠢᠶᠠᠷ ᠦᠨᠡᠯᠡᠭᠳᠡᠪᠡ︶  2014.04—2019.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠲᠥᠯᠥᠪᠯᠡᠭᠡ ᠶᠢᠨ ᠰᠤᠳᠤᠯᠬᠤ ᠬᠦᠷᠢᠶᠡᠯᠡᠩ ᠤᠨ ᠡᠵᠡᠩᠨᠡᠯᠲᠡ ᠶᠢᠨ ᠭᠠᠵᠠᠷ ᠤᠨ ᠳᠠᠷᠤᠭ᠎ᠠ᠃  2019.08—2019.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠭᠠᠵᠠᠷ ᠤᠨ ᠳᠡᠰ ᠤᠨ ᠺᠠᠳ᠋ᠷ᠃  2019.09—2019.012 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠥᠳᠡᠭᠡ ᠲᠣᠰᠬᠤᠨ ᠮᠠᠯᠵᠢᠬᠤ ᠣᠷᠣᠨ ᠤ ᠣᠰᠣᠨ ᠠᠰᠢᠭᠯᠠᠯᠲᠠ ᠶᠢᠨ ᠭᠠᠵᠠᠷ ᠤᠨ ᠳᠡᠳ᠋ ᠭᠠᠵᠠᠷ ᠤᠨ ᠳᠠᠷᠤᠭ᠎ᠠ᠃  2019.012—2023.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠥᠳᠡᠭᠡ ᠲᠣᠰᠬᠤᠨ ᠮᠠᠯᠵᠢᠬᠤ ᠣᠷᠣᠨ ᠤ ᠣᠰᠣᠨ ᠠᠰᠢᠭᠯᠠᠯᠲᠠ ᠶᠢᠨ ᠭᠠᠵᠠᠷ ᠤᠨ ᠳᠠᠷᠤᠭ᠎ᠠ᠃  2023.02 ᠳ᠋ᠤᠭᠠᠷ ᠰᠠᠷ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠰᠣᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号