ᠡᠯ᠎ᠡ ᠰᠢᠯᠭᠠᠭᠤᠯᠤᠭᠴᠢ᠄ | | 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠡᠳᠦᠭᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠠᠵᠢᠯ ᠤᠨ | ᠪᠠᠶᠢᠷᠢ ᠶᠢᠨ ᠬᠢᠷᠢ ᠬᠡᠮ ᠢ ᠳᠠᠬᠢᠨ ᠬᠢᠨᠠᠬᠤ ᠵᠢᠴᠢ ᠨᠢᠭᠤᠷᠲᠠᠨ ᠰᠢᠯᠭᠠᠬᠤ ᠬᠤᠯᠪᠣᠭᠳᠠᠯ ᠪᠥᠬᠦᠶ ᠵᠦᠢᠯᠡᠰ ᠢ | ᠮᠡᠳᠡᠭᠦᠯᠦᠨ ᠰᠢᠯᠭᠠᠭᠤᠯᠬᠤ ᠪᠠᠷ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠢᠷᠢ ᠬᠡᠮ ᠢ ᠳᠠᠬᠢᠨ ᠬᠢᠨᠠᠬᠤ | ︵ᠨᠢᠭᠡ︶ ᠬᠤᠭᠤᠴᠠᠭ᠎ᠠ | 2023 ᠣᠨ ᠤ 5 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ 9᠄ 00-12᠄ 00 | ᠴᠠᠭ | ︵ᠬᠤᠶᠠᠷ︶ ᠭᠠᠵᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠶᠡᠷᠦᠩᠬᠡᠶᠢᠯᠡᠭᠰᠡᠨ ᠠᠰᠠᠷ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 119 ᠳ᠋ᠦ᠋ᠭᠡᠷ | ᠲᠣᠭᠠᠲᠤ︶ 2318 ᠬᠤᠷᠠᠯ ᠤᠨ ᠬᠡᠷ᠂ ᠬᠢᠷᠢ ᠬᠡᠮ ᠢ ᠳᠠᠬᠢᠨ ᠬᠢᠨᠠᠬᠤ ᠦᠶ᠎ᠡ ᠳᠤ᠂ ᠣᠬᠤᠷ ᠴᠢᠮᠡᠭᠡ ᠶᠢᠨ | ᠮᠡᠳᠡᠭᠳᠡᠯ ᠢᠶᠠᠷ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠱᠠᠭᠠᠷᠳᠠᠯᠭ᠎ᠠ ᠶᠣᠰᠣᠭᠠᠷ ᠳᠠᠩᠰᠠᠯᠠᠭᠤᠯᠤᠭᠠᠷᠠᠢ᠃ | ︵ᠭᠤᠷᠪᠠ︶ ᠬᠢᠨᠠᠨ ᠬᠠᠷᠭᠤᠭᠤᠯᠬᠤ ᠦᠶᠡᠰ ᠬᠡᠷᠡᠭᠰᠡᠬᠦ ᠮᠠᠲ᠋ᠧᠷᠢᠶᠠᠯ | 1. ᠬᠤᠪᠢ ᠬᠥᠮᠦᠨ ᠤ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢᠨ | ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠃ | 2. ︽ᠨᠡᠷ᠎ᠡ ᠮᠡᠳᠡᠭᠦᠯᠬᠦ ᠬᠦᠰᠦᠨᠦᠭᠲᠦ︾᠂ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ | ᠦᠨᠡᠮᠯᠡᠯ ᠤᠨ ᠡᠯᠧᠺᠲᠷᠤᠨ ᠳᠠᠩᠰᠠᠯᠠᠭᠤᠯᠤᠨ ᠳᠠᠩᠰᠠᠯᠠᠭᠤᠯᠬᠤ ᠬᠦᠰᠦᠨᠦᠭᠲᠦ ᠪᠤᠶᠤ ᠳᠤᠮᠳᠠᠳᠤ ᠤᠯᠤᠰ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ ︵ᠳᠤᠮᠳᠠᠳᠤ | ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http: | //www.chsi.com.cn ᠠᠴᠠ ᠪᠠᠭᠤᠯᠭᠠᠨ ᠬᠠᠭᠤᠯ︶ ᠡᠬᠡ ᠮᠠᠲ᠋ᠧᠷᠢᠶᠠᠯ᠃ | 3. ︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠬᠦᠰᠦᠨᠦᠭᠲᠦ︾ ︵ᠪᠤᠶᠤ ᠥᠪᠡᠷᠲᠡᠭᠡᠨ | ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ᠠᠯᠪᠠᠲᠠᠨ ᠡᠯᠰᠡᠨ ᠬᠡᠷᠡᠭᠯᠡᠭᠰᠡᠨ ᠪᠢᠴᠢᠭ ᠮᠠᠲ᠋ᠧᠷᠢᠶᠠᠯ︶᠂ ︽ | ᠠᠯᠪᠠᠲᠠᠨ ᠤ ᠪᠦᠷᠢᠳᠬᠡᠯ ᠤᠨ ᠬᠦᠰᠦᠨᠦᠭᠲᠦ︾ ︵ᠪᠤᠶᠤ ︽ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ | ᠬᠠᠮᠢᠶᠠᠷᠬᠤ ᠨᠢᠭᠡᠴᠢ ᠶᠢᠨ ᠠᠵᠢᠯᠲᠠᠨ ᠤ ᠳᠡᠩᠰᠡᠯᠡᠯᠲᠡ ᠶᠢᠨ ᠬᠦᠰᠦᠨᠦᠭᠲᠦ︾︶᠂ ᠲᠤᠰᠢᠶᠠᠯ ᠡᠭᠦᠷᠭᠡᠯᠡᠭᠰᠡᠨ ᠪᠢᠴᠢᠭ | ᠮᠠᠲ᠋ᠧᠷᠢᠶᠠᠯ᠂ ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ | ᠵᠡᠷᠭᠡ ᠠᠯᠪᠠᠲᠠᠨ ᠤ ᠪᠡᠶ᠎ᠡ ᠶᠢᠨ ᠭᠠᠷᠤᠯ ᠤᠨ ᠬᠠᠭᠤᠯᠪᠤᠷᠢ ︵ᠡᠷᠬᠡᠪᠰᠢ ᠵᠣᠬᠢᠶᠠᠨ ᠪᠠᠶᠢᠭᠤᠯᠬᠤ ᠠᠵᠢᠯᠲᠠᠨ ᠤ | ᠶᠠᠪᠤᠳᠠᠯ ᠤᠨ ᠰᠠᠯᠠᠭ᠎ᠠ ᠮᠥᠴᠢᠷ ᠭᠠᠷ ᠢᠶᠠᠷ ᠭᠠᠷ ᠤᠨ ᠥᠰᠥᠭ ᠵᠢᠷᠤᠭᠤᠯᠬᠤ᠂ ᠬᠠᠷᠢᠯᠴᠠᠬᠤ ᠤᠲᠠᠰᠤ ᠵᠢᠴᠢ ᠬᠠᠮᠢᠶ᠎ᠠ | ᠪᠥᠬᠦᠶ ᠨᠢᠭᠡᠴᠢ ᠠᠴᠠ ᠲᠠᠮᠠᠭ᠎ᠠ ᠳᠠᠷᠤᠵᠤ ᠨᠤᠲᠠᠯᠠᠬᠤ︶︔ | 4. ᠣᠶᠢᠷ᠎ᠠ ᠶᠢᠨ ᠬᠤᠭᠤᠴᠠᠭᠠᠨ ᠳᠤ ᠬᠥᠬᠡ ᠳᠡᠪᠢᠰᠭᠡᠷᠲᠦ ᠮᠠᠯᠠᠭᠠᠢ ᠦᠭᠡᠢ 2 ᠢᠮᠠᠬᠤ ᠶᠢᠨ ᠰᠡᠭᠦᠳᠡᠷ3 | ᠬᠠᠭᠤᠳᠠᠰᠤ | 5. ᠠᠶᠢᠮᠠᠭ ᠬᠤᠲᠠ ᠶᠢᠨ ᠨᠠᠮ ᠵᠠᠰᠠᠭ ᠣᠯᠠᠨ ᠲᠦᠮᠡᠨ ᠤ ᠪᠠᠢᠭᠤᠯᠤᠯᠭ᠎ᠠ ᠶᠢᠨ ᠠᠯᠪᠠᠲᠠᠨ ᠬᠤᠶᠠᠷ ᠵᠢᠯ ᠠᠴᠠ | ᠳᠡᠭᠡᠭᠰᠢ ᠦᠨᠳᠦᠰᠦᠨ ᠱᠠᠲᠤᠨ ᠤ ᠠᠵᠢᠯ ᠤᠨ ᠥᠩᠭᠡᠷᠡᠯᠲᠡ ᠭᠡᠷᠡᠴᠢ ᠮᠠᠲ᠋ᠧᠷᠢᠶᠠᠯ ︵ᠦᠨᠳᠦᠰᠦᠨ ᠱᠠᠲᠤᠨ ᠤ | ᠨᠢᠭᠡᠴᠢ ᠶᠢᠨ ᠲᠠᠮᠠᠭ᠎ᠠ ᠳᠠᠷᠤᠭᠰᠠᠨ ᠭᠡᠷ᠎ᠡ᠂ ᠡᠯᠰᠡᠨ ᠬᠡᠷᠡᠭᠯᠡᠬᠦ ᠬᠦᠰᠦᠨᠦᠭᠲᠦ᠂ ᠺᠠᠳ᠋ᠷ ᠢ ᠲᠣᠮᠢᠯᠠᠬᠤ ᠪᠠ | ᠲᠤᠰᠢᠶᠠᠯ ᠠᠴᠠ ᠪᠠᠭᠤᠯᠭᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠠᠵᠢᠯ ᠤᠨ ᠦᠨᠡᠮᠯᠡᠯ ᠨᠢ ᠲᠣᠳᠣᠷᠬᠠᠢ | ᠪᠠᠶᠢᠬᠤ ᠬᠡᠷᠡᠭᠲᠡᠢ᠂ ᠳᠡᠭᠡᠷᠡᠬᠢ ᠮᠠᠲ᠋ᠧᠷᠢᠶᠠᠯ ᠳᠤ ᠡᠷᠬᠡᠪᠰᠢ ᠵᠣᠬᠢᠶᠠᠨ ᠪᠠᠢᠭᠤᠯᠬᠤ ᠪᠠ ᠠᠵᠢᠯᠲᠠᠨ ᠤ ᠶᠠᠪᠤᠳᠠᠯ ᠤᠨ | ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ᠂ ᠬᠠᠷᠢᠯᠴᠠᠬᠤ ᠤᠲᠠᠰᠤ ᠵᠢᠴᠢ ᠬᠠᠮᠢᠶ᠎ᠠ | ᠪᠦᠬᠦᠢ ᠨᠢᠭᠡᠴᠢ ᠶᠢᠨ ᠲᠠᠮᠠᠭ᠎ᠠ ᠳᠠᠷᠤᠵᠤ ᠨᠣᠲᠠᠯᠠᠬᠤ︶ | ᠳᠡᠭᠡᠷᠡᠬᠢ ᠮᠠᠲ᠋ᠧᠷᠢᠶᠠᠯ ᠢ A᠂ B ᠬᠤᠶᠠᠷ ᠵᠦᠢᠯ ᠤᠨ ᠮᠠᠲ᠋ᠧᠷᠢᠶᠠᠯ ᠢᠶᠠᠷ ᠠᠩᠭᠢᠯᠠᠪᠠᠯ᠄ A ᠲᠥᠷᠥᠯ ᠨᠢ | ᠮᠠᠲ᠋ᠧᠷᠢᠶᠠᠯ ᠤᠨ ᠤᠭ ᠮᠠᠲ᠋ᠧᠷᠢᠶᠠᠯ᠂ B ᠲᠥᠷᠥᠯ ᠨᠢ ᠮᠠᠲ᠋ᠧᠷᠢᠶᠠᠯ ᠤᠨ ᠬᠠᠭᠤᠯᠪᠤᠷᠢ ᠪᠠᠶᠢᠵᠤ᠂ ᠳᠡᠭᠡᠷ᠎ᠡ ᠬᠠᠩᠭᠠᠭᠰᠠᠨ | ᠮᠠᠲ᠋ᠧᠷᠢᠶᠠᠯ ᠤᠨ ᠳ᠋ᠤᠭᠠᠷ ᠤᠨ ᠳᠠᠷᠠᠭᠠᠯᠠᠯ ᠢᠶᠠᠷ ᠵᠢᠭᠰᠠᠭᠠᠨ᠎ᠠ᠃ | ︵ᠲᠦᠷᠪᠡ︶ ᠠᠰᠠᠭᠤᠨ ᠯᠠᠪᠯᠠᠬᠤ ᠤᠲᠠᠰᠤ | 0471-5259439᠂ 0471-5259607 | ᠬᠤᠶᠠᠷ᠂ ᠨᠢᠭᠤᠷᠳᠠᠯ ᠰᠢᠯᠭᠠᠯᠲᠠ | ᠨᠢᠭᠤᠷᠳᠠᠯ ᠰᠢᠯᠭᠠᠯᠲᠠ ᠨᠢ ᠪᠥᠲᠥᠴᠢᠯᠡᠯᠲᠡ ᠨᠢᠭᠤᠷᠳᠠᠯ ᠰᠢᠯᠭᠠᠬᠤ ᠬᠡᠯᠪᠡᠷᠢ ᠶᠢ ᠬᠡᠷᠡᠭᠯᠡᠨ᠎ᠡ᠃ | ︵ᠨᠢᠭᠡ︶ ᠨᠢᠭᠤᠷᠳᠠᠯ ᠰᠢᠯᠭᠠᠯᠲᠠ ᠶᠢᠨ ᠴᠠᠭ ᠵᠢᠴᠢ ᠭᠠᠵᠠᠷ | 2023 ᠣᠨ ᠤ 5 ᠳ᠋ᠤᠭᠠᠷ ᠰᠠᠷ᠎ᠠ ᠶᠢᠨ 7 ᠤ ᠡᠳᠦᠷ᠂ ᠪᠣᠳᠠᠲᠠᠶ ᠴᠠᠭ ᠵᠢᠴᠢ ᠭᠠᠵᠠᠷ ᠨᠢ ︽ᠨᠢᠭᠤᠷᠳᠠᠯ | ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ︾ ︵ᠬᠢᠷᠢ ᠬᠡᠮ ᠢ ᠳᠠᠬᠢᠨ ᠬᠢᠨᠠᠬᠤ ᠦᠶ᠎ᠡ ᠳᠤ ᠣᠯᠭᠤᠨ᠎ᠠ︶ ᠢᠶᠠᠷ | ᠪᠠᠷᠢᠮᠵᠢᠶ᠎ᠠ ᠪᠣᠯᠭᠠᠨ᠎ᠠ᠃ | ︵ᠬᠤᠶᠠᠷ︶ ᠪᠤᠰᠤᠳ ᠵᠦᠢᠯ | 1. ᠨᠢᠭᠤᠷᠳᠠᠯ ᠰᠢᠯᠭᠠᠯᠲᠠ ᠶᠢᠨ ᠪᠣᠳᠠᠲᠠᠶ ᠱᠠᠭᠠᠷᠳᠠᠯᠭ᠎ᠠ ︽ᠨᠢᠭᠤᠷᠳᠠᠯ ᠰᠢᠯᠭᠠᠯᠲᠠ ᠶᠢᠨ ᠵᠥᠪᠰᠢᠶᠡᠷᠡᠯ ᠤᠨ | ᠦᠨᠡᠮᠯᠡᠯ︾ ᠣᠯᠪᠠ᠃ | 2. ᠨᠢᠭᠤᠷᠳᠠᠨ ᠰᠢᠯᠭᠠᠬᠤ ᠭᠤᠭᠴᠤᠭ᠎ᠠ ᠳᠤ᠂ ᠪᠣᠳᠠᠲᠠᠶ ᠲᠤᠬᠠᠶ ᠶᠢᠨ ᠲᠠᠯᠠᠪᠠᠢ ᠳᠤ ᠬᠦᠷᠴᠦ ᠰᠢᠯᠭᠠᠯᠲᠠ ᠳᠤ | ᠣᠷᠣᠯᠴᠠᠬᠤ ᠬᠥᠮᠦᠨ ᠤ ᠲᠤᠭ᠎ᠠ ᠨᠢ ᠲᠣᠰ ᠲᠤᠰᠢᠶᠠᠯ ᠤᠨ ᠪᠠᠶᠢᠷᠢ ᠶᠢᠨ ᠡᠯᠰᠡᠨ ᠬᠡᠷᠡᠭᠯᠡᠬᠦ ᠬᠥᠮᠦᠨ ᠤ ᠲᠤᠭ᠎ᠠ ᠲᠠᠢ | ᠲᠡᠩᠴᠡᠭᠦᠦ ᠪᠤᠶᠤ ᠴᠥᠭᠡᠨ ᠪᠠᠶᠢᠪᠠᠯ᠂ ᠲᠣᠰ ᠠᠵᠢᠯ ᠤᠨ ᠪᠠᠶᠢᠷᠢ ᠶᠢᠨ ᠰᠢᠯᠭᠠᠯᠲᠠ ᠳᠤ ᠣᠷᠣᠯᠴᠠᠬᠤ ᠬᠥᠮᠦᠰ ᠤᠨ | ᠬᠢᠷᠢ ᠪᠦᠲᠦᠮᠵᠢ ᠶᠢ ᠡᠷᠬᠡᠪᠰᠢ ᠲᠡᠭᠦᠨ ᠤ ᠪᠠᠶᠢᠭ᠎ᠠ ᠰᠢᠯᠭᠠᠯᠲᠠ ᠶᠢᠨ ᠲᠠᠯᠠᠪᠠᠶ ︵ᠠᠳᠠᠯᠢ ᠰᠢᠯᠭᠠᠭᠴᠢ ᠶᠢᠨ | ᠳᠤᠭᠤᠶᠢᠯᠠᠩ︶ ᠶᠢᠨ ᠪᠣᠳᠠᠲᠠᠶ ᠰᠢᠯᠭᠠᠯᠲᠠ ᠳᠤ ᠣᠷᠣᠯᠴᠠᠬᠤ ᠬᠥᠮᠦᠰ ᠤᠨ ᠳᠤᠮᠳᠠᠴᠢ ᠬᠢᠷᠢ ᠪᠦᠲᠦᠮᠵᠢ ᠶᠢ ᠰᠠᠶ᠋ᠢ | ᠰᠢᠯᠭᠠᠨ ᠪᠠᠶᠢᠴᠠᠭᠠᠬᠤ ᠭᠤᠭᠴᠤᠭ᠎ᠠ ᠳᠤ ᠣᠷᠣᠭᠤᠯᠵᠤ ᠪᠣᠯᠤᠨ᠎ᠠ᠃ | 3. ᠨᠢᠭᠤᠷᠳᠠᠨ ᠰᠢᠯᠭᠠᠬᠤ ᠦᠶ᠎ᠡ ᠳᠤ ᠠᠵᠢᠯ ᠲᠥᠷᠥᠯ ᠪᠤᠶᠤ ᠣᠨᠴᠠᠭᠠᠢ ᠠᠵᠢᠯ ᠮᠡᠷᠭᠡᠵᠢᠯ ᠤᠨ ᠳᠦᠷᠢᠮᠲᠦ | ᠬᠤᠪᠴᠠᠰᠤ ᠡᠮᠦᠰᠴᠦ ᠪᠣᠯᠬᠤ ᠦᠭᠡᠢ᠂ ᠢᠯᠡ ᠲᠣᠳᠣ ᠣᠨᠴᠠᠭᠠᠢ ᠲᠡᠮᠳᠡᠭ ᠵᠡᠭᠦᠵᠦ ᠪᠣᠯᠬᠤ ᠦᠭᠡᠢ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ | 2023 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ | |