ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/4/27
  4 ᠳ᠋ᠦ᠋ᠭᠡᠷ ᠰᠠᠷ᠎ᠠ ᠶᠢᠨ 18 ᠤ ᠡᠳᠦᠷ ᠠᠴᠠ 4 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠥᠯᠥᠨ ᠪᠤᠶᠢᠷ ᠬᠤᠲᠠ ᠳᠤ ᠬᠦᠷᠴᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
4-27-宣传-1.jpg
  ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠬᠤᠷᠠᠯ ᠤᠨ ᠭᠡᠷ ᠤᠨ ᠶᠠᠷᠢᠯᠴᠠᠬᠤ ᠬᠤᠷᠠᠯ  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠶᠢᠯᠠᠷ ᠲᠣᠭᠤᠷᠢᠭ᠂ ᠡᠷᠭᠦᠨ᠎ᠡ ᠬᠤᠲᠠ᠂ ᠬᠠᠭᠤᠴᠢᠨ ᠪᠠᠷᠭᠤ ᠬᠤᠰᠢᠭᠤ᠂ ᠶᠠᠭᠰᠢ ᠬᠤᠲᠠ᠂ ᠠᠷᠤᠨ ᠬᠤᠰᠢᠭᠤ᠂ ᠵᠠᠯᠠᠨ ᠠᠶᠢᠯ ᠬᠤᠲᠠ ᠵᠡᠷᠭᠡ 6 ᠬᠤᠰᠢᠭᠤ ᠬᠤᠲᠠ ᠲᠣᠭᠤᠷᠢᠭ ᠲᠤ ᠬᠦᠷᠴᠦ᠂ ᠲᠤᠬᠠᠢ ᠶᠢᠨ ᠲᠠᠯᠠᠪᠠᠢ ᠳᠤ ᠰᠢᠨ᠎ᠡ ᠪᠠᠷ ᠪᠠᠶᠢᠭᠤᠯᠤᠭᠰᠠᠨ ᠤᠰᠤᠨ ᠰᠤᠷᠪᠤᠯᠵᠢ ᠶᠢᠨ ᠪᠠᠷᠢᠯᠭ᠎ᠠ ᠂ ᠰᠢᠨ᠎ᠡ ᠪᠠᠷ ᠪᠠᠶᠢᠭᠤᠯᠤᠭᠰᠠᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠲᠥᠷᠥᠯ ᠵᠦᠢᠯ ᠵᠢᠴᠢ ᠬᠤᠸᠠ ᠮᠦ ᠯᠠᠨ᠂ ᠵᠢᠴᠢᠨᠭᠤᠣᠯ ᠵᠡᠷᠭᠡ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ᠂ ᠭᠡᠭᠡ ᠭᠤᠣᠯ᠂ ᠶᠠᠯᠦ ᠭᠤᠣᠯ ᠤᠨ ᠤᠰᠤᠯᠠᠯᠲᠠ ᠶᠢᠨ ᠣᠷᠣᠨ ᠵᠡᠷᠭᠡ ᠶᠢ ᠪᠠᠶᠢᠭᠤᠯᠬᠤ ᠪᠠᠷ ᠪᠠᠶᠢᠭ᠎ᠠ ᠤᠰᠤᠯᠠᠯᠲᠠ ᠶᠢᠨ ᠣᠷᠣᠨ ᠳᠤ ᠲᠤᠬᠠᠢ ᠶᠢᠨ ᠭᠠᠵᠠᠷ ᠲᠤᠨᠢ ᠡᠷᠭᠦᠨ᠎ᠡ᠂ ᠯᠠᠪᠳᠠᠯᠵᠠ᠂ ᠲᠡᠨᠢᠭᠦᠨ ᠭᠤᠣᠯ ᠵᠡᠷᠭᠡ ᠰᠢᠨ᠎ᠡ  ᠪᠠᠷ ᠪᠠᠶᠢᠭᠤᠯᠬᠤ  ᠪᠠᠷ ᠪᠠᠶᠢᠭ᠎ᠠ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠤ ᠨᠥᠬᠦᠴᠡᠯ ᠵᠡᠷᠭᠡ ᠶᠢ ᠲᠤᠬᠠᠢ ᠶᠢᠨ ᠭᠠᠵᠠᠷ ᠲᠤ ᠨᠢ ᠬᠠᠶᠢᠨ ᠰᠢᠨᠵᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠭᠦᠨᠵᠡᠭᠡᠢ ᠪᠠᠶᠢᠴᠠᠭᠠᠨ ᠦᠵᠡᠵᠦ᠂ ᠬᠤᠲᠠ᠂ ᠬᠤᠰᠢᠭᠤ ᠬᠤᠶᠠᠷ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠰᠣᠯᠢᠯᠴᠠᠨ ᠶᠠᠷᠢᠯᠴᠠᠵᠤ᠂ ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠤᠨ ᠤᠰᠤᠯᠠᠯᠲᠠ ᠶᠢᠨ ᠣᠳᠣᠬᠢ ᠪᠠᠶᠢᠳᠠᠯ ᠵᠢᠴᠢ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠰᠢᠨ᠎ᠡ ᠪᠠᠷ ᠪᠠᠶᠢᠭᠤᠯᠤᠭᠰᠠᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠲᠥᠯᠥᠪᠵᠢᠭᠦᠯᠬᠦ᠂ ᠤᠰᠤᠯᠠᠯᠲᠠ ᠶᠢᠨ ᠲᠠᠯᠠᠪᠠᠢ ᠶᠢ ᠬᠥᠭᠵᠢᠭᠦᠯᠬᠦ ᠵᠡᠷᠭᠡ ᠠᠵᠢᠯ ᠤᠨ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
4-27-宣传-2.jpg
  ᠡᠷᠭᠦᠨ᠎ᠡ ᠬᠤᠲᠠ ᠶᠢᠨ ᠬᠤᠸᠠ ᠮᠦ ᠯᠠᠨ ᠤᠰᠤᠯᠠᠯᠲᠠ ᠶᠢᠨ ᠣᠷᠣᠨ  6 ᠡᠳᠦᠷ ᠤᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠯᠥᠨ ᠪᠤᠶᠢᠷ ᠬᠤᠲᠠ ᠶᠢᠨ ᠤᠰᠤ ᠰᠢᠷᠣᠢ ᠶᠢᠨ ᠲᠠᠷᠬᠠᠯᠲᠠ ᠶᠢᠨ ᠪᠠᠶᠢᠳᠠᠯ ᠢ ᠭᠦᠢᠴᠡᠳ ᠡᠵᠡᠮᠰᠢᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠢ ᠶᠢᠨ ᠬᠥᠭᠵᠢᠯᠲᠡ ᠶᠢᠨ ᠳᠠᠯᠳᠠ ᠬᠦᠴᠦᠨ᠂ ᠬᠥᠭᠵᠢᠯᠲᠡ ᠶᠢᠨ ᠬᠠᠷᠠᠯᠲᠠ ᠬᠢᠭᠡᠳ ᠣᠷᠣᠨ ᠵᠠᠢ ᠶᠢᠨ ᠪᠠᠶᠢᠷᠢᠰᠢᠭᠤᠯᠤᠯᠲᠠ ᠶᠢ ᠭᠦᠨᠵᠡᠭᠡᠢ ᠵᠠᠳᠠᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠢ ᠲᠣᠭᠲᠠᠭᠠᠬᠤ ᠳᠤ ᠳᠠᠷᠠᠭᠠᠴᠢ ᠶᠢᠨ ᠠᠯᠬᠤᠮ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠢ ᠦᠨᠡᠨ ᠬᠦ ᠪᠠᠲᠤᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃  ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠬᠡᠯᠲᠡᠰ ︵ᠤᠰᠤᠯᠠᠯᠳᠠ ᠶᠢᠨ ᠬᠡᠯᠲᠡᠰ︶ ᠡᠬᠡ ᠪᠢᠴᠢᠭ ᠬᠠᠩᠭᠠᠪᠠ︶ 
 
ᠢᠷᠡᠯᠲᠡ᠄ ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号