4 ᠳ᠋ᠦ᠋ᠭᠡᠷ ᠰᠠᠷ᠎ᠠ ᠶᠢᠨ 27 ᠤ ᠡᠳᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ | ᠲᠥᠪ ᠤᠨ ᠬᠢᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ | ᠤᠩᠰᠢᠬᠤ ᠠᠩᠬᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠢᠴᠢ ᠨᠠᠮ ᠤᠨ ᠬᠤᠷᠢᠶᠠᠨ ᠤ ᠤᠨᠤᠯ ᠤᠨ | ᠭᠤᠣᠯ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ | ᠬᠤᠷᠠᠯ ᠬᠤᠷᠠᠯᠳᠤᠭᠤᠯᠪᠠ᠃ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ | ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ ᠹᠠᠨ ᠵᠦᠩ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠶᠢᠰᠦᠳᠦᠭᠡᠷ | ᠲᠤᠭᠤᠷᠢᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠱᠢ ᠯᠢᠶᠠᠩ ᠬᠤᠷᠠᠯ ᠳᠤ ᠣᠷᠣᠯᠴᠠᠨ | ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠡ᠃ | | | | | | ᠹᠠᠨ ᠵᠦᠩ ᠴᠧᠩ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾ ᠶᠢᠨ ︽ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ︾ ᠵᠡᠷᠭᠡ ᠴᠢᠬᠤᠯᠠ ᠥᠭᠦᠯᠡᠯᠲᠡ ᠶᠢᠨ ᠠᠭᠤᠯᠭ᠎ᠠ ᠶᠢ ᠳᠠᠭᠠᠭᠤᠯᠤᠨ | ᠰᠤᠷᠤᠯᠴᠠᠪᠠ᠃ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ | ᠭᠡᠰᠢᠭᠦᠨ ᠪᠣᠯᠤᠨ ᠬᠡᠰᠡᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠤᠪᠢ ᠬᠥᠮᠦᠨ ᠤ ᠥᠪᠡᠰᠦᠪᠡᠨ ᠰᠤᠳᠤᠯᠤᠨ | ᠤᠩᠰᠢᠬᠤ ᠪᠠ ᠬᠠᠮᠲᠤ ᠪᠠᠷ ᠰᠤᠷᠤᠯᠴᠠᠬᠤ ᠰᠠᠭᠤᠷᠢᠨ ᠳᠡᠭᠡᠷ᠎ᠡ᠂ ᠦᠵᠡᠯ ᠰᠠᠨᠠᠭᠠᠨ ᠤ ᠠᠵᠢᠯ ᠤᠨ ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠬᠤᠷᠠᠯ ᠳᠤ | ᠣᠷᠣᠯᠴᠠᠭᠰᠠᠨ ᠪᠤᠰᠤᠳ ᠬᠥᠮᠦᠰ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃ | | | | | | ᠹᠠᠨ ᠵᠥᠩ ᠴᠧᠩ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢ | ᠰᠤᠷᠤᠯᠴᠠᠵᠤ᠂ ᠨᠢᠭᠲᠠᠷᠠᠯ ᠤᠨ ᠬᠦᠴᠦᠨ ᠢᠶᠠᠨ ᠭᠦᠨᠵᠡᠭᠡᠶ ᠰᠤᠷᠤᠯᠴᠠᠨ ᠭᠦᠨᠵᠡᠭᠡᠶ ᠣᠶᠢᠯᠠᠭᠠᠵᠤ᠂ ᠦᠵᠡᠯ | ᠰᠠᠨᠠᠭᠠᠨ ᠤ ᠲᠠᠯ᠎ᠠ ᠪᠠᠷ ᠦᠨᠳᠦᠰᠦ ᠶᠢ ᠨᠢ ᠴᠡᠪᠡᠷᠯᠡᠵᠦ᠂ ᠦᠨᠳᠦᠰᠦ ᠶᠢ ᠨᠢ ᠪᠠᠬᠢᠵᠢᠭᠦᠯᠵᠦ᠂ ︽ᠬᠤᠶᠠᠷ ᠢ | ᠬᠠᠮᠠᠭᠠᠯᠠᠬᠤ︾ ᠶᠢ ᠦᠨᠡᠨ ᠬᠦ ᠣᠶᠢᠯᠠᠭᠠᠵᠤ ᠢᠲᠡᠭᠡᠵᠦ ᠬᠢᠬᠦ ᠶᠢ ᠨᠢᠭᠡᠳᠬᠡᠬᠦ ᠳᠡᠭᠡᠷ᠎ᠡ ᠪᠠᠶᠢᠭᠤᠯᠬᠤ ᠬᠡᠷᠡᠭᠲᠡᠶ︔ | ᠯᠠᠪᠳᠠᠭᠤᠨ ᠪᠠᠲᠤᠲᠠᠢ ᠴᠠᠭᠠᠷᠠᠭᠰᠠᠨ ᠴᠢᠳᠠᠪᠤᠷᠢ ᠶᠢ ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠬᠠᠷᠠᠭᠠᠰᠤ ᠠᠴᠠ ᠰᠢᠨ᠎ᠡ ᠬᠠᠭᠤᠴᠢᠨ ᠤᠰᠤᠨ ᠤ | ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠬᠡᠷᠡᠭᠲᠡᠢ︔ ᠵᠠᠮ ᠨᠡᠭᠡᠭᠡᠨ ᠤᠷᠤᠭᠰᠢᠯᠠᠨ ᠲᠠᠪᠰᠢᠬᠤ | ᠲᠡᠮᠡᠴᠡᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠲᠡᠭᠦᠰᠬᠡᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ | ᠳᠤᠮᠳᠠᠳᠤ ᠤᠯᠤᠰ ᠤᠨ ᠮᠠᠶ᠋ᠢᠭ ᠤᠨ ᠤᠰᠤᠨ ᠠᠰᠢᠭᠯᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠠᠵᠢᠯᠯᠠᠭ᠎ᠠ ᠶᠢᠨ | ᠪᠣᠳᠠᠲᠠᠢ ᠠᠵᠢᠯᠯᠠᠭᠴᠢ ᠪᠣᠯᠬᠤ ᠬᠡᠷᠡᠭᠲᠡᠢ︔ ᠵᠣᠷᠢᠯᠲᠠ ᠪᠠᠨ ᠦᠢᠯᠡᠳᠦᠯᠭᠡᠵᠢᠭᠦᠯᠬᠦ ᠠᠷᠠᠳ ᠤᠨ ᠲᠥᠯᠥᠭᠡ ᠭᠡᠬᠦ | ᠬᠠᠶᠢᠷ᠎ᠠ ᠰᠡᠳᠬᠢᠯᠭᠡ ᠶᠢ ᠰᠤᠷᠤᠯᠴᠠᠵᠤ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠬᠡᠷᠡᠭᠵᠢᠭᠦᠯᠬᠦ | ᠴᠢᠳᠠᠪᠤᠷᠢ ᠪᠠᠨ ᠴᠢᠩᠭᠠᠳᠬᠠᠨ᠂ ᠠᠷᠠᠳ ᠤᠯᠠᠨ ᠤ ᠤᠰᠤᠨ ᠤ ᠵᠣᠪᠠᠨᠢᠯ᠂ ᠤᠰᠤᠨ ᠤ ᠬᠦᠰᠡᠯ᠂ ᠤᠰᠤᠨ ᠤ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ ᠮᠡᠷᠭᠡᠵᠢᠯ ᠤᠨ ᠲᠤᠯᠭᠠᠭᠤᠷᠢᠯᠠᠯ ᠢ ᠰᠠᠶᠢᠲᠤᠷ ᠬᠢᠬᠦ ᠬᠡᠷᠡᠭᠲᠡᠢ︔ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠣᠰᠣ ᠰᠤᠷᠲᠠᠬᠤᠨ ᠤ ᠬᠡᠪ ᠰᠤᠷᠲᠠᠯ ᠢ ᠬᠦᠴᠦᠯᠡᠨ ᠰᠢᠢᠳᠪᠦᠷᠢᠯᠡᠵᠦ᠂ | ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠨ᠂ ᠡᠷᠬᠡ ᠪᠠᠨ ᠬᠡᠷᠡᠭᠯᠡᠬᠦ ᠬᠤᠷᠢᠭ᠎ᠠ ᠱᠤᠭᠤᠮ ᠢ ᠰᠠᠬᠢᠵᠤ᠂ | ᠤᠬᠠᠮᠰᠠᠷ ᠠᠴᠠ ᠪᠠᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠤᠨ | ᠲᠠᠭᠠᠭᠤᠯᠤᠭᠴᠢ᠂ ᠪᠤᠢ ᠪᠤᠯᠠᠭᠴᠢᠳ᠂ ᠬᠠᠮᠠᠭᠠᠯᠠᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | | | | | | ᠱᠢ ᠯᠢᠶᠠᠩ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠰᠡᠳᠦᠪᠲᠦ | ᠬᠥᠮᠦᠵᠢᠯ ᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠨᠢ ᠭᠤᠤᠯ ᠰᠡᠳᠦᠪ ᠤᠨ ᠲᠣᠭᠤᠷᠢᠨ ᠳᠤ᠂ ᠦᠵᠡᠯ | ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠵᠢᠴᠢ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠲᠠᠢ ᠨᠢᠭᠲᠠ | ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠬᠤᠶᠢᠰᠢᠳᠠ ᠶᠢᠨ ᠭᠤᠤᠯ ᠰᠡᠳᠦᠪᠲᠦ | ᠬᠥᠮᠦᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ | ᠤᠨᠤᠯ ᠪᠣᠯᠤᠨ ᠪᠣᠳᠠᠲᠤ ᠪᠠᠶᠢᠳᠠᠯ ᠢ ᠤᠶᠠᠯᠳᠤᠭᠤᠯᠵᠤ᠂ ᠰᠣᠷᠣᠭᠰᠠᠨ ᠢᠶᠠᠨ ᠬᠡᠷᠡᠭᠯᠡᠬᠦ ᠶᠢ ᠦᠷᠭᠦᠯᠵᠢᠯᠡᠨ ᠭᠦᠨᠵᠡᠭᠡᠢ | ᠪᠠᠶᠢᠴᠠᠭᠠᠨ ᠰᠤᠳᠤᠯᠵᠤ᠂ ᠨᠠᠷᠢᠨ ᠬᠢᠨᠠᠮᠠᠭᠠᠢ ᠬᠠᠷᠢᠭᠤᠴᠠᠬᠤ ᠣᠪᠣᠷ ᠢᠶᠠᠷ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠳᠤᠷᠠᠳᠤᠭᠰᠠᠨ ︽ᠲᠠᠪᠤᠨ ᠶᠡᠭᠡ ᠡᠭᠦᠷᠭᠡ︾ ᠶᠢᠨ ᠱᠠᠭᠠᠷᠳᠠᠯᠭ᠎ᠠ ᠵᠢᠴᠢ ᠥᠪᠥᠷ ᠮᠣᠩᠭᠤᠯ ᠤᠨ | ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ︔ | ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠤᠳᠤᠷᠢᠳᠬᠤ ᠪᠠᠭ ᠤᠨ ᠬᠡᠰᠢᠭᠦᠨ᠂ | ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ | ᠰᠡᠳᠦᠪᠲᠦ ᠬᠥᠮᠦᠵᠢᠯ ᠤᠨ ᠶᠢᠰᠦᠳᠦᠭᠡᠷ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠬᠠᠮᠢᠶ᠎ᠠ | ᠪᠥᠬᠦᠶ ᠨᠥᠬᠦᠳ ᠬᠤᠷᠠᠯ ᠳᠤ ᠣᠷᠣᠯᠴᠠᠵᠠᠶ᠃ | | ︵ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ | ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠡᠬᠡ ᠪᠢᠴᠢᠭ ᠬᠠᠩᠭᠠᠪᠠ︶ | |