ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠶᠡᠷᠦᠩᠬᠡᠢ ᠡᠭᠦᠷ ᠤᠨ ᠭᠡᠰᠢᠭᠦᠳ ᠤᠨ ᠠᠩᠬᠠᠳᠤᠭᠠᠷ ᠤᠳᠠᠭᠠᠨ ᠤ ᠡᠪᠯᠡᠯ ᠤᠨ ᠭᠡᠰᠢᠭᠦᠳ ᠤᠨ  ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/4
  4 ᠳ᠋ᠦ᠋ᠭᠡᠷ ᠰᠠᠷ᠎ᠠ ᠶᠢᠨ 3 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠶᠡᠷᠦᠩᠬᠡᠢ ᠡᠭᠦᠷ ᠤᠨ ᠵᠥᠪᠯᠡᠯ ᠤᠨ ᠠᠩᠬᠠᠳᠤᠭᠠᠷ ᠤᠳᠠᠭᠠᠨ ᠤ ᠡᠪᠯᠡᠯ ᠤᠨ ᠭᠡᠰᠢᠭᠦᠳ ᠤᠨ ᠶᠡᠭᠡ ᠬᠤᠷᠠᠯ ᠤᠤᠯ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ 2 ᠳ᠋ᠤᠭᠠᠷ ᠠᠰᠠᠷ ᠲᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠦᠢᠯᠡᠳᠪᠦᠷᠢ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ᠂ ᠬᠦᠭᠵᠢᠯᠳᠡ ᠶᠢᠨ ᠲᠥᠪ ᠤᠨ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠣᠷᠣᠯᠴᠠᠵᠠᠢ᠃
共青团1.jpg
  ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠷᠠᠯ ᠠᠴᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠶᠡᠷᠦᠩᠬᠡᠢ ᠡᠭᠦᠷ ᠤᠨ ᠵᠥᠪᠯᠡᠯ ᠤᠨ ᠰᠣᠩᠭᠤᠭᠤᠯᠢ ᠶᠢᠨ ᠠᠷᠭ᠎ᠠ︾ ᠶᠢ ᠪᠠᠲᠤᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠶᠡᠷᠦᠩᠬᠡᠢ ᠡᠭᠦᠷ ᠤᠨ ᠠᠩᠬᠠᠳᠤᠭᠠᠷ ᠬᠤᠭᠤᠴᠠᠭᠠᠨ ᠤ ᠵᠥᠪᠯᠡᠯ ᠤᠨ ᠭᠡᠰᠢᠭᠦᠨ ᠢ ᠰᠣᠩᠭᠤᠨ ᠭᠠᠷᠭᠠᠪᠠ᠃
共青团2.jpg
  ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠤ ᠦᠢᠯᠡᠳᠪᠦᠷᠢ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠶᠡᠭᠡ ᠬᠤᠷᠠᠯ ᠤᠨ ᠬᠤᠷᠠᠯᠳᠤᠬᠤ ᠵᠢᠴᠢ ᠰᠢᠨ᠎ᠡ ᠪᠠᠷ ᠰᠣᠩᠭᠤᠭᠳᠠᠭᠰᠠᠨ ᠭᠡᠰᠢᠭᠦᠳ ᠲᠤ ᠪᠠᠶᠠᠷ ᠬᠦᠷᠭᠡᠬᠦ ᠶᠢᠨ ᠬᠠᠮᠲᠤ ᠭᠤᠷᠪᠠᠨ ᠬᠦᠰᠡᠯ ᠳᠤᠷᠠᠳᠪᠠ᠄ ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠵᠠᠯᠠᠭᠤᠴᠤᠳ ᠤᠨ ᠶᠡᠭᠡ ᠰᠤᠷᠤᠯᠴᠠᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠷᠭᠦᠯᠵᠢᠯᠡᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃  ᠬᠤᠶᠠᠷ ᠲᠤ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠰᠢᠨ᠎ᠡ ᠪᠠᠷ ᠠᠵᠢᠯ ᠳᠤ ᠤᠷᠤᠭᠰᠠᠨ ᠵᠠᠯᠠᠭᠤᠴᠤᠳ ᠢ ᠬᠦᠳᠦᠯᠦᠨ ᠳᠠᠭᠠᠭᠤᠯᠵᠤ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠮᠠᠨ ᠤ ᠣᠷᠣᠨ ᠤ ᠤᠰᠤ ᠶᠢ ᠵᠠᠰᠠᠵᠤ ᠤᠰᠤ ᠶᠢ ᠬᠥᠭᠵᠢᠭᠦᠯᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠵᠥᠪ ᠲᠠᠨᠢᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠢᠳᠡᠪᠬᠢᠲᠡᠢ ᠤᠷᠤᠭᠰᠢᠯᠠᠵᠤ᠂ ᠡᠷᠲᠡᠬᠡᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠤᠰᠤᠨ ᠠᠰᠢᠭᠯᠠᠯᠲᠠ ᠶᠢᠨ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠵᠠᠯᠠᠭᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠪ ᠳᠠᠭᠤᠷᠢᠶᠠᠯ ᠪᠣᠯᠭᠠᠬᠤ ᠪᠠᠷ ᠴᠢᠷᠮᠠᠶᠢᠵᠤ᠂ ᠡᠪᠯᠡᠯ ᠤᠨ ᠭᠡᠰᠢᠭᠦᠨ ᠵᠠᠯᠠᠭᠤᠴᠤᠳ ᠤᠨ ᠪᠦᠯᠬᠦᠮᠳᠡᠨ ᠨᠢᠭᠡᠳᠴᠦ᠂ ᠬᠠᠮᠳᠤ ᠪᠠᠷ ᠲᠡᠮᠡᠴᠡᠬᠦ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠬᠦ ᠬᠡᠷᠡᠭᠲᠡᠢ᠃
共青团3.jpg
  ᠬᠥᠭᠵᠢᠯᠲᠡ ᠶᠢᠨ ᠲᠥᠪ ᠤᠨ ᠬᠠᠷᠢᠭᠤᠴᠠᠯᠭᠠᠲᠠᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠠᠩᠬᠠᠳᠤᠭᠠᠷ ᠬᠤᠭᠤᠴᠠᠭᠠᠨ ᠤ ᠡᠪᠯᠡᠯ ᠤᠨ ᠶᠡᠷᠦᠩᠬᠡᠢ ᠡᠭᠦᠷ ᠤᠨ ᠵᠥᠪᠯᠡᠯ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂    ᠪᠤᠤᠬᠢᠶ᠎ᠠ ᠤᠷᠤᠯᠳᠤᠭᠠᠨ ᠤ ᠨᠢᠭᠡᠳᠦᠭᠡᠷ ᠠᠯᠬᠤᠮ ᠢ ᠰᠠᠶᠢᠲᠤᠷ ᠭᠦᠶᠦᠵᠦ ᠂ ᠵᠠᠯᠠᠭᠤᠴᠤᠳ ᠢ ᠬᠦᠳᠦᠯᠦᠨ ᠳᠠᠭᠠᠭᠤᠯᠬᠤ ᠪᠠ ᠵᠠᠯᠠᠭᠤᠴᠤᠳ ᠲᠤ ᠦᠢᠯᠡᠴᠢᠯᠡᠬᠦ ᠲᠠᠯ᠎ᠠ ᠪᠠᠷ ᠬᠦᠴᠦ ᠤᠷᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ᠪᠣᠯᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠳᠤ ᠰᠠᠶᠢᠲᠤᠷ ᠬᠠᠮᠵᠢᠯᠴᠠᠵᠤ᠂ ᠬᠥᠭᠵᠢᠯᠲᠡ ᠶᠢᠨ ᠲᠥᠪ ᠤᠨ ᠵᠠᠯᠠᠭᠤ ᠠᠵᠢᠯᠳᠠᠨ ᠠᠵᠢᠯᠴᠢᠨ ᠤ ᠨᠢᠭᠲᠠᠷᠠᠯ ᠤᠨ ᠬᠦᠴᠦᠨ ᠪᠣᠯᠤᠨ ᠪᠠᠶᠢᠯᠳᠤᠬᠤ ᠬᠦᠴᠦᠨ ᠢ ᠴᠢᠩᠭᠠᠳᠬᠠᠬᠤ ᠬᠡᠷᠡᠭᠲᠡᠢ︔ ᠡᠭᠦᠨ ᠤ ᠬᠠᠮᠲᠤ᠂ ᠰᠢᠨ᠎ᠡ ᠪᠠᠷ ᠠᠵᠢᠯ ᠳᠤ ᠤᠷᠤᠭᠰᠠᠨ ᠡᠪᠯᠡᠯ ᠤᠨ ᠭᠡᠰᠢᠭᠦᠨ ᠵᠠᠯᠠᠭᠤᠴᠤᠳ ᠠᠯᠢ ᠲᠦᠷᠭᠡᠨ ᠢᠶᠠᠷ ᠴᠢᠳᠠᠪᠤᠷᠢᠲᠠᠨ ᠪᠤᠯᠵᠤ᠂ ᠵᠥᠪ ᠬᠦᠰᠡᠯᠡᠩ ᠢᠲᠡᠭᠡᠯ ᠪᠢᠰᠢᠷᠡᠯ ᠪᠣᠯᠤᠨ ᠦᠷᠳᠡᠭ ᠤᠨ ᠦᠵᠡᠯᠲᠡ ᠶᠢ ᠪᠤᠢ ᠪᠣᠯᠭᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠣᠯᠤᠨ ᠲᠤᠬᠠᠶᠢᠯᠠᠭᠰᠠᠨ ᠠᠵᠢᠯ ᠤᠨ ᠪᠠᠶᠢᠷᠢ ᠶᠢᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ 
 
ᠢᠷᠡᠯᠲᠡ᠄ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号