ᠤᠰᠤᠨ ᠠᠰᠢᠭᠯᠠᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠨᠡᠩ ᠰᠠᠶᠢᠳᠤᠷ ᠲᠥᠯᠥᠪᠯᠡᠨ | ᠥᠷᠨᠢᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 29 ᠤ ᠡᠳᠦᠷ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ | ᠬᠢᠭᠡᠳ ᠠᠵᠢᠯᠯᠠᠭᠠᠨ ᠤ ᠬᠠᠮᠢᠶᠠᠷᠤᠯᠲᠠ ᠤᠨ ᠬᠢᠨᠠᠯᠲᠠ ᠳᠠᠯᠪᠢᠬᠤ ᠭᠠᠵᠠᠷ ᠠᠵᠢᠯ ᠤᠨ ᠰᠣᠯᠢᠯᠴᠠᠭᠠᠨ ᠤ ᠶᠠᠷᠢᠯᠴᠠᠬᠤ | ᠬᠤᠷᠠᠯ ᠬᠤᠷᠠᠯᠳᠤᠭᠤᠯᠪᠠ᠃ ᠶᠠᠰᠤ ᠴᠢᠨᠠᠷ ᠢ ᠪᠠᠶᠢᠴᠠᠭᠠᠬᠤ ᠲᠥᠪ ᠤᠨ ᠡᠷᠬᠢᠯᠡᠭᠴᠢ ᠵᠠᠩ ᠪᠥᠸᠧ ᠬᠤᠷᠠᠯ ᠢ | ᠡᠷᠭᠢᠯᠡᠵᠦ᠂ ᠠᠵᠢᠯᠯᠠᠭᠠᠨ ᠤ ᠬᠠᠮᠢᠶᠠᠷᠤᠯᠲᠠ ᠤᠨ ᠬᠢᠨᠠᠯᠲᠠ ᠳᠠᠯᠪᠢᠬᠤ ᠭᠠᠵᠠᠷ ᠤᠨ ᠳᠠᠷᠤᠭ᠎ᠠ ᠸᠠᠩ ᠱᠦᠨ ᠬᠤᠷᠠᠯ ᠳᠤ | ᠣᠷᠣᠯᠴᠠᠵᠠᠶ᠃ | | | | | | ᠬᠤᠷᠠᠯ ᠳᠡᠭᠡᠷ᠎ᠡ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠠᠴᠠ ᠪᠠᠶᠢᠭᠤᠯᠭ᠎ᠠ ᠶᠢᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠲᠠᠢ ᠬᠠᠷᠢᠴᠠᠭᠤᠯᠵᠤ᠂ 2022 ᠣᠨ ᠤ ᠥᠷᠨᠢᠭᠦᠯᠦᠭᠰᠡᠨ ᠭᠤᠣᠯ ᠲᠤᠬᠠᠶᠢᠯᠠᠭᠰᠠᠨ | ᠠᠵᠢᠯ ᠤᠨ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠳ 2023 ᠣᠨ ᠤ ᠬᠢᠨᠠᠵᠤ | ᠪᠠᠶᠢᠭ᠎ᠠ 13 ᠲᠦᠷᠦᠯ ᠵᠦᠢᠯ ᠢ ᠦᠷᠭᠦᠯᠵᠢᠯᠡᠨ ᠰᠠᠶᠢᠲᠤᠷ ᠦᠷᠨᠢᠭᠦᠯᠬᠦ ᠪᠠ ᠤᠳᠠᠯ ᠥᠬᠡᠶ ᠥᠷᠨᠢᠭᠦᠯᠬᠦ ᠭᠡᠵᠦ | ᠪᠠᠶᠢᠭ᠎ᠠ ᠭᠤᠷᠪᠠᠨ ᠴᠢᠬᠤᠯᠠ ᠶᠡᠭᠡ ᠲᠥᠷᠥᠯ ᠵᠦᠢᠯ ᠤᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ᠂ | ᠶᠠᠰᠤ ᠴᠢᠨᠠᠷ ᠤᠨ ᠬᠢᠨᠠᠯᠲᠠ ᠶᠢᠨ ᠪᠠᠶᠢᠴᠠᠭᠠᠯᠲᠠ᠂ ︽ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠭᠲᠠᠭᠰᠠᠨ ᠨᠣᠷᠮ᠎ᠠ︾ | ᠪᠠ ᠪᠥᠬᠦ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠬᠤᠶᠠᠷ ᠵᠦᠢᠯ ᠤᠨ ᠪᠤᠯᠪᠠᠰᠤᠷᠠᠯ᠂ ᠶᠠᠰᠤ ᠴᠢᠨᠠᠷ ᠤᠨ ᠬᠢᠨᠠᠯᠲᠠ | ᠲᠠᠯᠪᠢᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠣᠭᠤᠷᠢᠨ ᠪᠠᠶᠢᠴᠠᠭᠠᠬᠤ ᠪᠠ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠢ ᠬᠢᠨᠠᠨ ᠰᠢᠯᠭᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ | ᠥᠷᠨᠢᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠢᠯ ᠤᠨ ᠭᠤᠤᠯᠳᠠᠯᠭ᠎ᠠ ᠪᠠ ᠴᠠᠭ ᠤᠨ | ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠲᠦᠢᠮᠣ ︵ᠵᠢᠱᠢᠯᠲᠡ︶ ᠶᠢ ᠲᠥᠰᠦᠭᠡᠯᠡᠨ ᠪᠤᠳᠤᠬᠤ ︽ᠲᠤᠭᠤᠷᠪᠢᠨ | ᠵᠣᠬᠢᠶᠠᠬᠤ ᠲᠣᠭᠲᠠᠭᠠᠯ︾᠂ ︽ᠨᠥᠬᠦᠪᠥᠷᠢ ᠨᠣᠷᠮ᠎ᠠ ᠲᠣᠭᠲᠠᠭᠠᠬᠤ︾ ᠶᠢ ᠲᠥᠰᠦᠭᠡᠯᠡᠨ ᠪᠤᠳᠤᠬᠤ ᠪᠠ ᠲᠤᠭᠤᠷᠪᠢᠨ | ᠵᠣᠬᠢᠶᠠᠬᠤ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠪᠡᠶᠡᠯᠡᠭᠦᠯᠬᠦ ᠵᠢᠴᠢ ᠤᠰᠤᠨ ᠠᠰᠢᠭᠯᠠᠯᠲᠠ ᠶᠢᠨ | ᠲᠢᠩᠬᠢᠮ ᠤᠨ ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠵᠡᠷᠭᠡ ᠶᠢ ᠰᠤᠳᠤᠯᠤᠨ ᠶᠠᠷᠢᠯᠴᠠᠵᠤ᠂ ᠲᠠᠨᠢᠯᠲᠠ ᠪᠠᠨ | ᠳᠡᠭᠡᠭᠰᠢᠯᠡᠭᠦᠯᠪᠡ᠃ | ᠸᠠᠩ ᠱᠦᠨ ᠶᠠᠰᠤ ᠴᠢᠨᠠᠷ ᠢ ᠬᠢᠨᠠᠨ ᠪᠠᠶᠢᠴᠠᠭᠠᠬᠤ ᠲᠥᠪ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ | ᠳᠣᠤᠷᠠᠬᠢ ᠬᠡᠳᠦᠨ ᠲᠠᠯ᠎ᠠ ᠪᠠᠷ ᠱᠠᠭᠠᠷᠳᠠᠯᠭ᠎ᠠ ᠳᠤᠷᠠᠳᠪᠠ᠄ ᠨᠢᠭᠡ ᠳᠤ ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨ ᠬᠦ | ᠭᠦᠢᠴᠡᠳᠬᠡᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠠᠵᠢᠯ ᠢ ᠰᠠᠶᠢᠲᠤᠷ ᠠᠳᠬᠤᠬᠤ ᠬᠡᠷᠡᠭᠲᠡᠶ︔ ᠬᠤᠶᠠᠷ ᠲᠤ᠂ | ᠠᠵᠢᠯ ᠤᠨ ᠲᠥᠯᠥᠪᠯᠡᠭᠡ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ | ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠶᠢ ᠴᠢᠩᠭᠠᠳᠬᠠᠬᠤ ᠬᠡᠷᠡᠭᠲᠡᠢ︔ ᠭᠤᠷᠪᠠ ᠳᠤ᠂ ᠠᠷᠢᠭᠤᠨ | ᠴᠢᠬᠡᠴᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠢᠯᠵᠢᠷᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ | ᠪᠠᠲᠤ ᠪᠠᠶᠢᠭᠤᠯᠬᠤ ᠬᠡᠷᠡᠭᠲᠡᠢ᠃ | ᠲᠣᠰ ᠤᠳᠠᠭᠠᠨ ᠤ ᠶᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠶᠠᠰᠤ ᠴᠢᠨᠠᠷ ᠢ ᠬᠢᠨᠠᠨ ᠪᠠᠶᠢᠴᠠᠭᠠᠬᠤ | ᠲᠥᠪ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠬᠦ ᠳᠤ ᠤᠯᠠᠮ ᠨᠢᠭᠡ ᠠᠯᠬᠤᠮ | ᠬᠦᠴᠦᠨ ᠨᠡᠮᠡᠷᠢᠯᠡᠵᠦ᠂ ᠠᠵᠢᠯ ᠢᠶᠠᠨ ᠥᠷᠨᠢᠭᠦᠯᠬᠦ ᠴᠢᠭᠯᠡᠯ ᠢᠶᠠᠨ ᠲᠣᠳᠣᠷᠬᠠᠶᠢᠯᠠᠨ᠎ᠠ᠃ ᠠᠵᠢᠯᠯᠠᠭᠠᠨ ᠤ | ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ | ᠶᠠᠰᠤ ᠴᠢᠨᠠᠷ ᠢ ᠬᠢᠨᠠᠨ ᠪᠠᠶᠢᠴᠠᠭᠠᠬᠤ ᠲᠥᠪ ᠤᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠶᠢᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ | |