ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠦᠭᠵᠢᠯᠳᠡ ᠶᠢᠨ ᠲᠥᠪ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/4/6
  ᠮᠠᠨ ᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠤᠯᠤᠰ ᠲᠥᠷᠥ ᠶᠢ ᠡᠷᠬᠢᠮᠯᠡᠬᠦ᠂ ᠬᠠᠷᠢᠭᠤᠴᠠᠯᠭ᠎ᠠ ᠲᠠᠢ ᠪᠠᠶᠢᠬᠤ᠂ ᠲᠤᠰᠬᠠᠶᠢᠵᠢᠭᠰᠠᠨ᠂ ᠥᠨᠳᠥᠷ ᠬᠡᠪ ᠪᠣᠯᠪᠠᠰᠤᠷᠠᠯ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ  ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠩᠨᠡᠭᠡ ᠶᠢ ᠪᠠᠶᠢᠭᠤᠯᠵᠤ᠂ 4 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠲᠥᠪ ᠢᠨᠵᠧᠨᠧᠷᠢᠩ ᠤᠨ  ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ᠳᠠᠭᠠᠭᠠᠨ ᠡᠷᠭᠢᠯᠡᠵᠦ᠂ 9 ᠰᠠᠯᠠᠭ᠎ᠠ ᠮᠥᠴᠢᠷ ᠤᠨ ᠨᠡᠶᠢᠲᠡ 96 ᠬᠥᠮᠦᠨ ᠪᠣᠯᠪᠠᠰᠤᠷᠠᠯ ᠳᠤ ᠣᠷᠣᠯᠴᠠᠵᠠᠶ᠃ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠫᠠᠨ ᠶᠢᠩ ᠬᠤᠸᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠯᠢ ᠭᠠᠩ ᠽᠠᠢ᠂ ᠳᠡᠳ᠋ ᠰᠠᠶᠢᠳ ᠵᠧᠩ ᠵᠢᠶᠠ ᠸᠧᠢ᠂ ᠳᠡᠳ᠋ ᠰᠠᠶᠢᠳ ᠪᠦᠬᠡ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃
培训班1.jpg
  ᠪᠣᠯᠪᠠᠰᠤᠷᠠᠯ ᠤᠨ ᠠᠩᠭᠢ ᠨᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠳᠠᠲᠤ ᠶᠠᠪᠤᠳᠠᠯ᠂ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠶᠠᠰᠤ ᠴᠢᠨᠠᠷ ᠤᠨ ᠪᠠᠶᠢᠴᠠᠭᠠᠯᠲᠠ᠂ ᠪᠣᠳᠠᠲᠤ ᠴᠣᠭᠴᠠ ᠶᠢᠨ ᠶᠠᠰᠤ ᠴᠢᠨᠠᠷ ᠤᠨ ᠠᠮᠠᠷᠬᠠᠨ ᠡᠭᠦᠰᠬᠦ ᠠᠰᠠᠭᠤᠳᠠᠯ ᠪᠠ ᠪᠠᠶᠢᠴᠠᠭᠠᠨ ᠬᠡᠮᠵᠢᠯᠲᠡ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠬᠢᠴᠢᠶᠡᠯᠯᠡᠬᠦ ᠲᠤᠰᠬᠠᠶ ᠮᠡᠷᠭᠡᠵᠢᠯᠲᠡᠨ ᠠᠴᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠪᠠ ᠪᠠᠭᠤᠷᠠᠶ ᠭᠤᠭᠴᠤᠭ᠎ᠠ ᠲᠠᠢ ᠨᠢᠭᠲᠠ ᠤᠶᠠᠯᠳᠤᠭᠤᠯᠤᠨ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠬᠠᠨᠳᠤᠯᠭᠠᠲᠤ ᠲᠠᠶᠢᠯᠤᠮᠵᠢ ᠬᠢᠪᠠ᠃
培训班2.jpg
  ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ ᠂ ᠲᠥᠪ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠣᠨᠣᠯ ᠤᠨ ᠮᠡᠳᠡᠯᠭᠡ ᠶᠢᠨ ᠨᠥᠭᠡᠴᠡ ᠶᠢ ᠪᠠᠶᠠᠯᠢᠭᠵᠢᠭᠤᠯᠵᠤ᠂ ᠠᠵᠢᠯ ᠤᠨ ᠬᠠᠷᠠᠭ᠎ᠠ ᠶᠢ ᠥᠷᠭᠡᠳᠬᠡᠨ᠂ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠮᠠᠨ ᠤ ᠲᠥᠪ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠣᠨᠴᠠ ᠤᠷᠢᠭᠰᠠᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠤᠨ ᠨᠠᠶᠢᠷᠠᠭᠤᠯᠤᠨ ᠪᠢᠴᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠯᠣᠭᠤᠳᠬᠤ ᠭᠠᠷ ᠳᠡᠪᠲᠡᠷ︾ ᠲᠤ ᠬᠢᠨᠠᠨ ᠪᠠᠶᠢᠴᠠᠭᠠᠯᠲᠠ ᠬᠢᠵᠦ᠂ ᠲᠠᠷᠠᠭᠠᠴᠢ ᠶᠢᠨ ᠠᠯᠬᠤᠮ ᠳᠤ ᠮᠠᠨ ᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠭᠡᠮᠡᠯ ᠴᠢᠨᠠᠷᠲᠠᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠳ ᠤᠨ ᠠᠵᠢᠯ ᠢᠶᠠᠨ ᠨᠠᠩ ᠰᠠᠶᠢᠲᠤᠷ ᠥᠷᠨᠢᠭᠦᠯᠬᠦ ᠳᠤ ᠲᠥᠬᠦᠮ ᠦᠵᠡᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃
培训班3.jpg
 
 
ᠢᠷᠡᠯᠲᠡ᠄ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号