ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/4/8
  4 ᠰᠠᠷ᠎ᠠ  ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠩᠬᠠᠳᠤᠭᠠᠷ ᠤᠳᠠᠭ᠎ᠠ ᠶᠢᠨ ᠴᠢᠭᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠤᠷᠢᠯᠭ᠎ᠠ ᠪᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠪᠡ ᠃  ᠸᠠᠩ ᠯᠢ ᠰᠢᠶᠠ ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ ᠵᠣᠭᠰᠤᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ ᠦᠭᠡᠢ ᠪᠠᠶᠢᠬᠤ ᠶᠢ ᠪᠠᠲᠤ ᠴᠡᠭᠡᠵᠢᠯᠡᠵᠦ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠳᠦᠷᠢᠮ ᠤᠨ ᠲᠠᠯ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠵᠤ᠂ ᠱᠠᠭᠠᠷᠳᠠᠯᠭ᠎ᠠ ᠶᠢ ᠴᠢᠩᠳᠠᠯᠠᠵᠤ ᠂ ᠴᠢᠩᠭ᠎ᠠ ᠪᠠᠶᠢᠬᠤ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠤᠨᠤᠯ ᠢᠶᠠᠷ ᠵᠡᠪᠰᠡᠭᠯᠡᠬᠦ ᠲᠠᠯ᠎ᠠ ᠪᠠᠷ ᠦᠨᠡᠨ ᠬᠦ ᠰᠤᠷᠤᠯᠴᠠᠵᠤ᠂ ᠦᠨᠡᠨ ᠬᠦ ᠢᠲᠡᠭᠡᠵᠦ᠂ ᠦᠨᠡᠨ ᠬᠦ ᠬᠡᠷᠡᠭᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠂ ᠭᠦᠢᠴᠡᠳᠬᠡᠬᠦ ᠬᠦᠴᠦᠨ ᠲᠠᠢ ᠪᠠᠶᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠠᠴᠠ ᠡᠬᠢᠯᠡᠨ ᠠᠳᠬᠤᠵᠤ᠂ ᠡᠬᠢᠯᠡᠨ ᠬᠢᠵᠦ᠂ ᠴᠢᠩᠭ᠎ᠠ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠴᠢᠩᠭ᠎ᠠ ᠪᠠᠶᠢᠬᠤ ᠦᠨᠳᠦᠰᠦᠨ ᠬᠦᠭ ᠠᠶᠠᠰ᠂ ᠴᠢᠩᠭ᠎ᠠ ᠬᠠᠳᠠᠭᠤ ᠠᠷᠭ᠎ᠠ ᠬᠡᠮᠵᠢᠶ᠎ᠡ ᠂ ᠴᠢᠩᠭ᠎ᠠ ᠪᠠᠶᠢᠬᠤ ᠠᠭᠤᠷ ᠠᠮᠢᠰᠬᠤᠯ ᠢ ᠢᠮᠠᠭᠲᠠ ᠪᠠᠲᠤᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠲᠦᠷᠪᠡᠨ ᠰᠤᠷᠲᠠᠯ︾ ᠢ ᠪᠠᠶᠢᠩᠭᠤ ᠪᠦᠲᠦᠮᠵᠢᠲᠡᠢ ᠵᠠᠯᠠᠷᠠᠭᠤᠯᠵᠤ ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠬᠦ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠡᠨᠧᠷᠭᠢ᠂ ᠣᠯᠠᠨ ᠨᠡᠶᠢᠲᠡ ᠶᠢᠨ ᠪᠡᠯᠡ ᠮᠦᠩᠭᠦ ᠂ ᠣᠯᠠᠨ ᠨᠡᠶᠢᠲᠡ ᠶᠢᠨ ᠡᠬᠢ ᠪᠠᠶᠠᠯᠢᠭ᠂ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠂ ᠶᠡᠭᠡ ᠬᠦᠴᠦ ᠣᠷᠣᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠦᠨᠡᠨ ᠬᠦ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠴᠢᠳᠠᠮᠠᠭᠠᠢ ᠪᠠᠶᠢᠬᠤ᠂ ᠦᠨᠡᠨ ᠬᠦ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠳᠠᠭᠠᠨ ᠴᠢᠳᠠᠮᠠᠭᠠᠢ ᠪᠠᠶᠢᠬᠤ᠂ ᠦᠨᠡᠨ ᠬᠦ ᠠᠷᠢᠭᠤᠨ ᠴᠢᠬᠡᠴᠢ      ᠪᠠᠶᠢᠬᠤ᠂ ᠥᠪᠡᠷ ᠢᠶᠠᠨ ᠬᠠᠲᠠᠭᠤ ᠪᠠᠶᠢᠬᠤ ᠶᠢ ᠪᠡᠶᠡᠯᠡᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃   ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠣᠤ ᠂ ᠶᠤᠤ ᠶᠦᠩ ᠪᠥᠸᠧ᠂ ᠳᠠᠶᠢᠴᠢᠨ᠂ ᠶᠠᠩ ᠶᠢᠨ ᠂ ᠪᠠᠢ ᠴᠢᠩ ᠶᠤᠸᠠᠨ᠂ ᠶᠠᠩ ᠵᠢᠶᠧ ᠂ ᠰᠦᠨ ᠵᠢᠶᠦ᠋ᠨ ᠴᠢᠩ ᠣᠷᠣᠯᠴᠠᠪᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号