ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠢᠯ ᠤᠨ ᠬᠤᠷᠢᠶ᠎ᠠ ︽ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠶ᠎ᠠ — ᠦᠵᠡᠰᠬᠦᠯᠡᠩᠲᠦ ᠰᠠᠶᠢᠬᠠᠨ ᠥᠪᠥᠷ ᠮᠣᠩᠭᠤᠯ  ᠳᠠᠭᠠᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ︾ ᠵᠠᠯᠠᠭᠤᠴᠤᠳ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/1
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠢᠯ ᠤᠨ ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ᠤᠨ ᠡᠪᠯᠡᠯ ᠤᠨ ᠡᠭᠦᠷ᠂ ᠵᠠᠯᠠᠭᠤᠴᠤᠳ ᠤᠨ ᠠᠵᠢᠯ ᠤᠨ ᠬᠤᠷᠢᠶ᠎ᠠ ᠲᠠᠢ ᠬᠠᠮᠲᠤᠷᠠᠨ ᠬᠠᠷᠬᠤᠰᠤ ᠨᠠᠭᠤᠷ ᠤᠨ ᠤᠰᠤᠯᠠᠯᠲᠠ ᠶᠢᠨ ᠣᠷᠣᠨ ᠤ ᠤᠰᠤ ᠲᠠᠲᠠᠬᠤ ᠦᠷᠳᠡᠭᠡ ᠳᠤ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠥ᠂ᠨᠠᠮ ᠢᠶᠠᠨ ᠡᠭᠦᠷᠢᠳᠡ ᠲᠠᠭᠠᠵᠥ᠂ ᠰᠢᠨ᠎ᠡ ᠠᠶᠠᠨ  ᠳᠤ ᠡᠷᠡᠮᠡᠬᠡᠶᠢᠯᠡᠨ ᠤᠷᠤᠭᠰᠢᠯᠠᠶ᠎ᠠ — ᠦᠵᠡᠰᠬᠦᠯᠡᠩᠲᠦ ᠰᠠᠶᠢᠬᠠᠨ ᠥᠪᠥᠷ ᠮᠣᠩᠭᠤᠯ  ᠳᠠᠭᠠᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ︾ ᠵᠠᠯᠠᠭᠤᠴᠤᠳ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠨᠢᠭᠡᠴᠢ ᠶᠢᠨ 50 ᠭᠠᠷᠤᠶ ᠡᠪᠯᠡᠯ ᠤᠨ ᠭᠡᠰᠢᠭᠦᠨ ᠵᠠᠯᠠᠭᠤᠴᠤᠳ ︽ᠵᠢᠵᠢᠭ ᠤᠰᠤᠨ ᠲᠣᠰᠣᠯ︾ ᠤᠨ ᠵᠠᠯᠠᠭᠤ ᠰᠠᠶᠢᠨ ᠳᠤᠷᠠᠴᠤᠳ ᠠᠵᠢᠯᠯᠠᠭ᠎ᠠ ᠳᠤ ᠣᠷᠣᠯᠴᠠᠪᠠ᠃
青年植树活动1.jpg
  ᠬᠠᠪᠤᠷ ᠤᠨ ᠰᠠᠯᠬᠢᠨ ᠮᠣᠳᠣᠨ ᠤ ᠨᠠᠮᠠᠭ᠎ᠠ ᠶᠢ ᠢᠯᠪᠢᠨ ᠲᠦᠯᠵᠢᠭᠦᠯᠤᠨ᠂ ᠮᠣᠳᠣ ᠲᠠᠷᠢᠬᠤ ᠬᠠᠮᠤᠭ ᠤᠨ ᠰᠠᠶᠢᠨ ᠴᠠᠭ ᠦᠶ᠎ᠡ ᠪᠣᠯᠤᠯ᠎ᠠ᠃ ᠠᠵᠢᠯᠯᠠᠭᠠᠨ ᠤ ᠲᠤᠬᠠᠶ ᠶᠢᠨ ᠭᠠᠵᠠᠷ  ᠲᠤ ᠣᠯᠠᠨ ᠢᠶᠠᠷ ᠢᠶᠠᠨ ᠰᠡᠳᠬᠢᠯ ᠨᠢᠭᠡᠳᠦᠨ ᠬᠦᠳᠡᠯᠦᠯᠴᠡᠵᠦ᠂ ᠠᠵᠢᠯ ᠬᠤᠪᠢᠶᠠᠷᠢᠯᠠᠨ ᠬᠠᠮᠵᠢᠯᠴᠠᠵᠤ᠂ ᠬᠦᠷᠵᠡ ᠡᠷᠭᠢᠭᠦᠯᠦᠨ ᠰᠢᠷᠣᠶ ᠮᠠᠯᠲᠠᠵᠤ᠂ ᠴᠢᠬᠢ ᠮᠣᠳᠣ  ᠰᠠᠭᠤᠯᠭᠠᠨ ᠲᠠᠷᠢᠵᠤ᠂ ᠰᠠᠭᠤᠯᠠᠭ᠎ᠠ ᠳᠡᠭᠦᠵᠢᠯᠡᠨ ᠤᠰᠤᠯᠠᠵᠤ᠂ ᠨᠠᠷᠢᠨ ᠨᠢᠮᠪᠠᠶ ᠳᠡᠰ ᠳᠠᠷᠠᠭᠠᠯᠠᠯ ᠲᠠᠢ ᠠᠵᠢᠯᠯᠠᠵᠤ᠂ ᠨᠡᠶᠢᠲᠡ 300 ᠭᠠᠷᠤᠶ ᠰᠠᠭᠤᠷᠢ ᠴᠢᠬᠢ ᠮᠣᠳᠣ ᠳᠠᠷᠢᠪᠠ᠃
青年植树活动2.jpg
青年植树活动3.jpg
  ᠣᠷᠴᠢᠮ ᠤᠨ ᠵᠢᠯ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠢᠯ ᠤᠨ ᠵᠥᠪᠯᠡᠯ ᠪᠣᠯᠤᠨ ᠲᠢᠩᠬᠢᠮ ᠤᠨ ᠬᠠᠷᠢᠶ᠎ᠠ ᠨᠢᠭᠡᠴᠢ ᠶᠢᠨ ᠡᠯ᠎ᠡ ᠱᠠᠲᠤᠨ ᠤ ᠡᠪᠯᠡᠯ ᠤᠨ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ︽ᠡᠵᠢ ᠭᠤᠣᠯ ᠢᠶᠠᠨ ᠬᠠᠮᠠᠭᠠᠯᠠᠬᠤ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠰᠤᠷᠤᠯᠴᠠᠯᠭ᠎ᠠ ᠬᠥᠮᠦᠵᠢᠯ ᠂ ᠣᠷᠴᠢᠨ ᠠᠬᠤᠶ ᠶᠢ ᠬᠠᠮᠠᠭᠠᠯᠠᠬᠤ ᠤᠬᠠᠭᠤᠯᠭ᠎ᠠ᠂ ᠠᠯᠪᠠᠨ ᠵᠢᠷᠤᠮ ᠤᠨ ᠮᠣᠳᠣ ᠲᠠᠷᠢᠬᠤ ᠵᠡᠷᠭᠡ ᠡᠯ᠎ᠡ ᠲᠥᠷᠥᠯ ᠤᠨ ᠠᠮᠢ ᠠᠬᠤᠶ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠤᠰᠤᠨ ᠠᠰᠢᠭᠯᠠᠯᠲᠠ ᠶᠢᠨ ᠰᠢᠰᠲ᠋ᠧᠮ ᠤᠨ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠦᠷᠭᠦᠯᠵᠢᠯᠡᠨ ᠬᠥᠲᠥᠯᠥᠨ ᠵᠢᠯᠣᠭᠤᠳᠴᠤ ᠠᠮᠢ ᠠᠬᠤᠶ ᠶᠢᠨ ᠪᠣᠯᠪᠠᠰᠤᠨ ᠤ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠪᠠ ᠳᠠᠭᠠᠭᠤᠯᠤᠭᠴᠢ ᠪᠣᠯᠭᠠᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠢᠳᠡᠪᠬᠢᠲᠡᠶ ᠣᠷᠣᠯᠴᠠᠵᠤ ᠡᠵᠢ ᠭᠤᠤᠯ  ᠢᠶᠠᠨ ᠬᠠᠮᠲᠤ ᠪᠠᠷ ᠬᠠᠮᠠᠭᠠᠯᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠯᠭᠠᠬᠤ ᠶᠢ ᠠᠬᠢᠭᠤᠯᠵᠤ᠂ ᠥᠪᠥᠷ ᠮᠣᠩᠭᠤᠯ ᠤᠨ ᠬᠥᠬᠡᠮᠳᠦᠭ ᠤᠰᠤ ᠂ ᠬᠦᠭᠡ ᠣᠭᠲᠠᠷᠭᠤᠶ᠂ ᠴᠡᠪᠡᠷ ᠬᠥᠷᠥᠰᠥ ᠶᠢ ᠰᠠᠬᠢᠨ ᠬᠠᠮᠠᠭᠠᠯᠠᠬᠤ ᠶᠢᠨ ᠲᠥᠯᠥᠭᠡ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠥᠩᠭᠡ ᠭᠢᠯᠪᠠᠭ᠎ᠠ ᠨᠡᠮᠡᠷᠢᠯᠡᠵᠦ ᠪᠣᠢ᠃
青年植树活动4.jpg
 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号