ᠤᠰᠤᠨ ᠠᠰᠢᠭᠯᠠᠯᠲᠠ ᠶᠢᠨ ᠶᠠᠮᠤᠨ 2023 ᠣᠨ ᠤ ᠰᠤᠩᠭᠠᠷᠢ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/5/10
  5 ᠳ᠋ᠤᠭᠠᠷ ᠰᠠᠷ᠎ᠠ ᠶᠢᠨ 10 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠠᠴᠠ ᠰᠤᠩᠭᠠᠷᠢ ᠮᠥᠷᠡᠨ ᠤ ᠤᠰᠤᠨ ᠠᠰᠢᠭᠯᠠᠯᠲᠠ ᠶᠢᠨ ᠵᠥᠪᠯᠡᠯ ᠵᠢᠴᠢ ᠬᠠᠷᠠᠮᠥ᠋ᠷᠡᠨ ᠮᠤᠵᠢ᠂ ᠭᠢᠷᠢᠨ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠤᠨ ᠨᠢᠷᠬᠢ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠭᠡᠴᠢ ᠶᠢ ᠵᠣᠬᠢᠶᠠᠨ ᠪᠠᠶᠢᠭᠤᠯᠵᠤ᠂ ᠸᠢᠳᠢᠤ᠋ ᠪᠠᠷ ᠤᠲᠠᠰᠤ ᠬᠤᠯᠪᠣᠬᠤ ᠬᠡᠯᠪᠡᠷᠢ ᠪᠠᠷ ᠳᠠᠮᠵᠢᠭᠤᠯᠤᠨ 2023 ᠣᠨ ᠤ ᠰᠤᠩᠭᠠᠷᠢ ᠮᠥᠷᠡᠨ ᠤ ᠰᠠᠪᠠ ᠭᠠᠵᠠᠷ ᠤᠨ ᠨᠡᠶᠢᠲᠡᠯᠢᠭ ᠦᠶᠡᠷ ᠤᠨ ᠰᠡᠷᠭᠡᠶᠢᠯᠡᠯᠲᠡ ᠶᠢᠨ ᠲᠣᠬᠢᠷᠠᠭᠤᠯᠤᠯᠲᠠ ᠶᠢᠨ ᠰᠣᠷᠢᠯᠲᠠ ᠶᠢ ᠥᠷᠨᠢᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠢ ᠫᠢᠩ ᠰᠣᠷᠢᠯᠲᠠ ᠳᠤ ᠣᠷᠣᠯᠴᠠᠵᠤ ᠶᠠᠷᠢᠶ᠎ᠠ ᠲᠠᠯᠪᠢᠵᠠᠢ᠃ ᠤᠰᠤᠨ ᠠᠰᠢᠭᠯᠠᠯᠲᠠ ᠶᠢᠨ ᠶᠠᠮᠤᠨ ᠤ ᠬᠦᠬᠡ ᠮᠦᠷᠡᠨ ᠂ ᠬᠠᠲᠤᠨ ᠭᠤᠤᠯ᠂ ᠬᠤᠸᠠᠶᠢᠾᠧ ᠭᠤᠤᠯ ᠂ ᠬᠠᠶᠢᠾᠧ ᠭᠤᠤᠯ ᠂ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠵᠥᠪᠯᠡᠯ ᠪᠣᠯᠤᠨ ᠲᠠᠢ ᠬᠤ᠋ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠪᠦᠬᠦ ᠶᠠᠪᠤᠴᠠ ᠪᠠᠷ ᠲᠣᠭᠤᠷᠢᠨ ᠦᠵᠡᠪᠡ᠃  ᠲᠤᠰ ᠤᠳᠠᠭᠠᠨ ᠤ ᠰᠣᠷᠢᠯᠲᠠ ᠳᠤ ᠬᠠᠨᠳᠤᠯᠭᠠᠲᠤ ᠴᠢᠨᠠᠷᠲᠠᠶ ᠪᠠᠷ ᠨᠤᠨ ᠮᠥᠷᠡᠨ᠂ ᠰᠤᠩᠭᠠᠷᠢ ᠮᠥᠷᠡᠨ ᠤ ᠰᠠᠪᠠ ᠭᠠᠵᠠᠷ ᠤᠨ 1998 ᠤᠨ ᠤᠨ ᠪᠠ 2013 ᠣᠨ ᠤ ᠨᠡᠶᠢᠲᠡᠯᠢᠭ ᠦᠶᠡᠷ ᠢ ᠰᠣᠩᠭᠤᠨ ᠲᠤᠰ ᠰᠠᠭᠤᠷᠢ ᠪᠣᠯᠭᠠᠵᠤ᠂ ᠨᠤᠨ ᠮᠥᠷᠡᠨ ᠤ ᠨᠢᠷᠬᠢ ᠤᠰᠤᠨ ᠴᠦᠬᠦᠷᠤᠮ ᠤᠨ ᠳᠡᠭᠡᠳᠦ ᠤᠷᠤᠰᠬᠠᠯ ᠤᠨ 2013 ᠣᠨ ᠤ ᠨᠡᠶᠢᠲᠡᠯᠢᠭ ᠦᠶᠡᠷ᠂ ᠨᠤᠨ ᠮᠥᠷᠡᠨ ᠤ ᠳᠤᠮᠳᠠ ᠳᠣᠣᠷᠠᠳᠤ ᠤᠷᠤᠰᠬᠠᠯ ᠵᠢᠴᠢ ᠰᠤᠩᠭᠠᠷᠢ ᠮᠥᠷᠡᠨ ᠤ ᠭᠤᠣᠯ ᠤᠷᠤᠰᠬᠠᠯ ᠤᠨ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠨ ᠭᠠᠮᠰᠢᠭ ᠭᠠᠷᠤᠭᠰᠠᠨ ᠬᠤᠶᠠᠷ ᠰᠣᠷᠢᠯᠲᠠ ᠶᠢᠨ ᠠᠬᠤᠢ ᠪᠠᠶᠢᠳᠠᠯ ᠢ ᠪᠠᠶᠢᠷᠢᠯᠠᠭᠤᠯᠵᠤ᠂ ᠠᠩᠬ᠎ᠠ ᠠᠯᠬᠤᠮ ᠪᠠᠶᠢᠭᠤᠯᠤᠭᠰᠠᠨ ᠰᠦᠩ ᠯᠢᠶᠣᠤ ᠶᠢᠨ ᠰᠠᠪᠠ ᠭᠠᠵᠠᠷ ᠤᠨ ᠤᠰᠤᠨ ᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠰᠢᠰᠲ᠋ᠧᠮ ᠪᠠ ᠪᠦᠬᠦ ᠦᠵᠡᠮᠵᠢ ᠪᠠᠷ ᠲᠣᠭᠠᠴᠢᠯᠠᠭᠰᠠᠨ ᠨᠤᠨ ᠮᠥᠷᠡᠨ ᠤ ᠲᠠᠪᠴᠠᠩ ᠤᠨ ᠦᠷ᠎ᠡ ᠪᠦᠲᠦᠭᠡᠯ ᠢ ᠦᠨᠳᠦᠰᠦᠯᠡᠨ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠯᠲᠠ ᠬᠢᠬᠦ᠂ ᠪᠡᠯᠡᠳᠬᠡᠯ ᠲᠥᠰᠦᠯ ᠪᠠ ᠤᠰᠤᠨ ᠤ ᠢᠨᠵᠧᠨᠧᠷᠢᠩ ᠢ ᠲᠤᠬᠢᠷᠠᠭᠤᠯᠤᠨ ᠬᠡᠷᠡᠭᠯᠡᠬᠦ ᠪᠠᠷ ᠭᠤᠣᠯᠳᠠᠯᠭ᠎ᠠ ᠪᠣᠯᠭᠠᠵᠤ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠭᠤᠣᠯ ᠪᠣᠯᠬᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ᠂ ᠦᠶᠡᠷ ᠢ ᠲᠣᠭᠲᠠᠭᠠᠨ ᠬᠠᠳᠠᠭᠠᠯᠠᠬᠤ ᠣᠷᠣᠨ ᠤ ᠦᠶᠡᠷ ᠢ ᠰᠠᠯᠭᠠᠬᠤ ᠬᠡᠷᠡᠭᠯᠡᠭᠡᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠲᠤᠬᠢᠷᠠᠭᠤᠯᠤᠨ ᠵᠢᠯᠣᠭᠤᠳᠴᠤ ᠵᠣᠬᠢᠴᠠᠭᠤᠯᠬᠤ ᠵᠡᠷᠭᠡ ᠡᠯ᠎ᠡ ᠭᠤᠭᠴᠤᠭ᠎ᠠ ᠶᠢ ᠪᠦᠬᠦ ᠲᠠᠯ᠎ᠠ ᠪᠠᠷ ᠰᠣᠷᠢᠯᠲᠠ ᠬᠢᠪᠡ᠃    ᠯᠢᠦ ᠸᠧᠶ ᠫᠢᠩ ᠲᠣᠰ ᠤᠳᠠᠭᠠᠨ ᠤ ᠰᠣᠷᠢᠯᠲᠠ ᠶᠢᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠣᠰ ᠤᠳᠠᠭᠠᠨ ᠤ ᠰᠣᠷᠢᠯᠲᠠ ᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠪᠠᠶᠢᠴᠠᠭᠠᠨ ᠳ᠋ᠦᠩᠨᠡᠵᠦ᠂ ᠰᠤᠩᠭᠠᠷᠢ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠤᠨ ᠳᠤᠲᠠᠭᠤᠳᠠᠯ ᠪᠠ ᠲᠣᠬᠢᠷᠠᠭᠤᠯᠤᠯᠲᠠ ᠶᠢᠨ ᠲᠠᠯ᠎ᠠ ᠪᠠᠷ ᠬᠢ ᠬᠦᠷᠦᠯᠴᠡᠬᠦ ᠥᠬᠡᠶ ᠲᠠᠯ᠎ᠠ ᠶᠢ ᠤᠯᠠᠮ ᠨᠢᠭᠡ ᠠᠯᠬᠤᠮ ᠭᠦᠨᠵᠡᠭᠡᠶ ᠵᠠᠳᠠᠯᠵᠤ᠂ ᠦᠶᠡᠷ ᠤᠨ ᠤᠰᠤ ᠶᠢ ᠰᠡᠷᠭᠡᠶᠢᠯᠡᠬᠦ ᠪᠠ ᠤᠰᠤᠨ ᠤ ᠢᠨᠵᠧᠨᠧᠷᠢᠩ ᠢ ᠳᠣᠭᠢᠷᠠᠭᠤᠯᠬᠤ ᠲᠥᠰᠦᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ︽ᠳᠥᠷᠪᠡᠨ ᠵᠢᠱᠢᠯᠲᠡ︾ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠶᠡᠷ ᠤᠨ ᠤᠰᠤ ᠶᠢ ᠰᠡᠷᠭᠡᠶᠢᠯᠡᠬᠦ ᠪᠣᠳᠠᠲᠤ ᠪᠠᠶᠢᠯᠳᠤᠭᠠᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠯᠢᠦ ᠸᠧᠢ ᠫᠢᠩ᠂ ᠰᠤᠩᠭᠠᠷᠢ ᠮᠥᠷᠡᠨ ᠤ ᠰᠠᠪᠠ ᠭᠠᠵᠠᠷ ᠤᠳᠠᠯ ᠦᠭᠡᠢ ᠦᠶᠡᠷ ᠲᠤ ᠣᠷᠣᠬᠤ ᠭᠡᠵᠦ ᠪᠠᠶᠢᠨ᠎ᠠ᠂ ᠤᠬᠠᠮᠰᠠᠷ᠂ ᠲᠣᠭᠲᠠᠴᠠ᠂ ᠠᠶᠢᠵᠠᠮ᠂ ᠠᠷᠭ᠎ᠠ ᠬᠡᠮᠵᠢᠶ᠎ᠡ ᠪᠠᠨ ᠦᠶᠡᠷ ᠢ ᠰᠡᠷᠭᠡᠶᠢᠯᠡᠬᠦ ᠱᠠᠭᠠᠷᠳᠠᠯᠭ᠎ᠠ ᠳᠡᠭᠡᠷ᠎ᠡ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠪᠡᠨ ᠤᠷᠢᠳᠴᠢᠯᠠᠭᠰᠠᠨ︾ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠲᠦᠷᠪᠡᠨ ᠪᠠᠶᠢᠳᠠᠯ︾ ᠢ ᠰᠡᠷᠭᠡᠶᠢᠯᠡᠬᠦ ᠶᠢ ᠨᠡᠪᠲᠡᠷᠡᠭᠦᠯᠵᠦ᠂ ︽ᠲᠦᠷᠪᠡᠨ ᠬᠡᠯᠬᠢᠶ᠎ᠡ︾ ᠶᠢ ᠴᠢᠩᠭᠠᠯᠠᠵᠤ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ᠂ ᠬᠥᠨᠳᠡᠯᠡᠨ ᠴᠢᠭᠯᠡᠯ ᠢᠶᠠᠷ ᠬᠥᠪᠡᠭᠡ ᠵᠠᠬ᠎ᠠ ᠳᠤ ᠨᠢ  ᠬᠦᠷᠭᠡᠵᠤ ᠤᠰᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠵᠢᠭᠰᠠᠭᠠᠯ ᠤᠨ ᠭᠠᠵᠠᠷ ᠢ ᠪᠠᠶᠢᠭᠤᠯᠤᠨ ᠂ ᠡᠨᠡ ᠵᠢᠯ ᠤᠨ ᠤᠰᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ 2023 ᠣᠨ ᠤ ᠰᠦᠩ ᠯᠢᠶᠣᠤ ᠶᠢᠨ ᠰᠠᠪᠠ ᠭᠠᠵᠠᠷ ᠤᠨ ᠤᠰᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠤᠨ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃   
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号