ᠤᠰᠤᠨ ᠠᠰᠢᠭᠯᠠᠯᠲᠠ ᠶᠢᠨ ᠶᠠᠮᠤᠨ 2023 ᠣᠨ ᠤ ᠵᠦᠵᠢᠶᠠᠩ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/5/10
  5 ᠳ᠋ᠤᠭᠠᠷ ᠰᠠᠷ᠎ᠠ ᠶᠢᠨ 10 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠵᠥᠪᠯᠡᠯ ᠵᠢᠴᠢ ᠭᠤᠸᠠᠩᠰᠢ᠂ ᠭᠤᠸᠠᠩᠳᠦ᠋ᠩ ᠤᠨ ᠤᠰᠤᠨ ᠠᠰᠢᠭᠯᠠᠯᠲᠠ ᠶᠢᠨ ᠲᠢᠩᠬᠢᠮ ᠢ ᠵᠣᠬᠢᠶᠠᠨ ᠪᠠᠶᠢᠭᠤᠯᠵᠤ᠂ ᠸᠢᠳᠢᠣ᠋ ᠪᠠᠷ ᠬᠠᠷᠢᠯᠴᠠᠬᠤ ᠬᠡᠯᠪᠡᠷᠢ ᠪᠠᠷ 2023 ᠣᠨ ᠤ ᠵᠦᠵᠢᠶᠠᠩ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠶᠢ ᠥᠷᠨᠢᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠢ ᠫᠢᠩ ᠰᠣᠷᠢᠯᠲᠠ ᠳᠤ ᠣᠷᠣᠯᠴᠠᠵᠤ ᠶᠠᠷᠢᠶ᠎ᠠ ᠲᠠᠯᠪᠢᠵᠠᠢ᠃ ᠤᠰᠤᠨ ᠠᠰᠢᠭᠯᠠᠯᠲᠠ ᠶᠢᠨ ᠶᠠᠮᠤᠨ ᠤ ᠬᠦᠬᠡ ᠮᠦᠷᠡᠨ ᠂ ᠬᠠᠲᠤᠨ ᠭᠤᠤᠯ᠂ ᠬᠤᠸᠠᠶᠢᠾᠧ ᠭᠤᠤᠯ ᠂ ᠬᠠᠶᠢᠾᠧ ᠭᠤᠤᠯ ᠂ ᠰᠦᠩ ᠯᠢᠶᠣᠤ ᠶᠢᠨ ᠤᠰᠤᠨ ᠠᠰᠢᠭᠯᠠᠯᠲᠠ ᠶᠢᠨ ᠵᠥᠪᠯᠡᠯ ᠪᠣᠯᠤᠨ ᠲᠠᠢ ᠬᠤ᠋ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠳᠡᠭᠡᠷ᠎ᠡ ᠲᠣᠭᠤᠷᠢᠨ ᠦᠵᠡᠪᠡ᠃  ᠰᠣᠷᠢᠯᠲᠠ ᠨᠢ ︽1968 · 6︾ ᠤ ᠪᠦᠬᠦ ᠰᠠᠪᠠ ᠭᠠᠵᠠᠷ ᠤᠨ ᠬᠡᠯᠪᠡᠷᠢ ᠶᠢᠨ ᠦᠶᠡᠷ ᠢᠶᠠᠷ ᠰᠠᠭᠤᠷᠢ ᠪᠣᠯᠭᠠᠵᠤ᠂ ᠦᠶᠡᠷ ᠤᠨ ᠶᠠᠪᠤᠴᠠ ᠶᠢ ᠵᠣᠬᠢᠰᠲᠠᠶ ᠶᠡᠬᠡᠰᠬᠡᠵᠦ᠂ ᠵᠦᠵᠢᠶᠠᠩ ᠮᠥᠷᠡᠨ ᠤ ᠦᠶᠡᠷ ᠢ ᠰᠡᠷᠭᠡᠶᠢᠯᠡᠬᠦ ︽ᠳᠥᠷᠪᠡᠨ ᠤᠷᠢᠳᠴᠢᠯᠠᠬᠤ︾ ᠲᠠᠪᠴᠠᠩ ᠢ ᠬᠡᠷᠡᠭᠯᠡᠨ᠂ ᠰᠠᠪᠠ ᠭᠠᠵᠠᠷ ᠤᠨ ᠶᠡᠭᠡ ᠬᠡᠮᠵᠢᠶ᠎ᠡ᠂ ᠣᠷᠣᠨ ᠪᠦᠰᠡ ᠶᠢᠨ ᠳᠤᠮᠳᠠ ᠬᠡᠮᠵᠢᠶ᠎ᠡ᠂ ᠬᠤᠲᠠ ᠪᠠᠯᠭᠠᠰᠤ ᠬᠢᠭᠡᠳ ᠢᠨᠵᠧᠨᠧᠷᠢᠩ ᠤᠨ ᠪᠢᠴᠢᠯ ᠬᠡᠮᠵᠢᠭᠦᠷ ᠤᠨ ᠲᠠᠯᠠᠪᠤᠷ ᠠᠴᠠ ᠠᠳᠠᠯᠢ ᠪᠤᠰᠤ ᠠᠵᠢᠯ ᠤᠨ ᠪᠠᠶᠢᠳᠠᠯ ᠳᠣᠤᠷ᠎ᠠ  ᠱᠢ ᠵᠢᠶᠠᠩ ᠂ ᠪᠸᠢ ᠵᠢᠶᠠᠩ ᠤᠨ ᠦᠶᠡᠷ ᠤᠨ ᠤᠰᠤ ᠶᠢ ᠲᠣᠬᠢᠷᠠᠭᠤᠯᠬᠤ ᠲᠥᠰᠦᠯ ᠳᠤ ᠡᠷᠭᠢᠯᠳᠦᠭᠦᠯᠦᠨ ᠤᠷᠢᠳᠴᠢᠯᠠᠨ ᠰᠣᠷᠢᠯᠲᠠ ᠬᠢᠵᠦ᠂ ᠦᠶᠡᠷ ᠲᠤ ᠠᠪᠲᠠᠭᠰᠠᠨ ᠪᠠᠶᠢᠳᠠᠯ ᠢ ᠬᠥᠳᠡᠯᠦᠩᠭᠦᠶ ᠪᠠᠷ ᠳᠠᠭᠤᠷᠢᠶᠠᠨ᠂ ᠶᠡᠷᠦᠩᠬᠡᠶᠢᠯᠡᠨ ᠠᠳᠠᠯᠢᠳᠬᠠᠨ ᠰᠣᠩᠭᠤᠬᠤ ᠪᠠᠷ ᠳᠠᠮᠵᠢᠭᠤᠯᠤᠨ᠂ ᠲᠣᠬᠢᠷᠠᠭᠤᠯᠬᠤ ᠲᠥᠰᠦᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠰᠣᠷᠢᠯᠲᠠ ᠳᠤ ᠪᠠᠰᠠ ᠥᠨᠳᠥᠷ ᠳᠡᠰ ᠤᠨ ᠲᠦᠭᠰᠢᠭᠦᠷᠢᠲᠦ ᠣᠷᠣᠨ ᠤ ᠤᠰᠤᠨ ᠰᠢᠨᠵᠢᠯᠡᠭᠡᠨ ᠤ ᠪᠠᠴᠢᠮ ᠪᠠᠶᠢᠳᠠᠯ ᠢ ᠠᠷᠭᠠᠴᠠᠨ ᠬᠢᠨᠠᠨ ᠬᠡᠮᠵᠢᠬᠦ᠂ ᠵᠢᠯᠣᠭᠤᠴᠢ ᠦᠭᠡᠢ ᠨᠢᠰᠬᠡᠯ ᠤᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠵᠡᠷᠭᠡ ᠭᠤᠭᠴᠤᠭ᠎ᠠ ᠭᠠᠷᠭᠠᠵᠤ᠂ ᠪᠣᠳᠠᠲᠤ ᠳᠠᠶᠢᠯᠠᠯᠳᠤᠭᠠᠨ ᠳᠤ ᠣᠶᠢᠷᠠᠳᠬᠤ ᠪᠠᠷ ᠴᠢᠷᠮᠠᠶᠢᠪᠠ᠃  ᠯᠢᠦ ᠸᠧᠶ ᠫᠢᠩ ᠴᠢᠬᠤᠯᠠᠴᠢᠯᠠᠭᠰᠠᠨ ᠨᠢ ᠰᠣᠷᠢᠯᠲᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠵᠦᠵᠢᠶᠠᠩ ᠮᠥᠷᠡᠨ ᠤ ᠰᠠᠪᠠ ᠭᠠᠵᠠᠷ ᠤᠨ ᠪᠣᠷᠣᠭᠠᠨ ᠣᠷᠣᠬᠤ ᠣᠷᠣᠨ ᠤ ᠲᠣᠭᠲᠠᠭᠠᠯᠲᠤ ᠪᠤᠰᠤ ᠴᠢᠨᠠᠷ ᠨᠢ ᠶᠡᠭᠡ᠂ ᠭᠤᠣᠯ ᠤᠨ ᠵᠠᠮ ᠳᠣᠣᠷ᠎ᠠ ᠪᠠᠶᠢᠬᠤ ᠵᠡᠷᠭᠡ ᠠᠰᠢᠭ ᠦᠭᠡᠢ ᠬᠦᠴᠦᠨ ᠵᠦᠢᠯ ᠳᠤ ᠴᠢᠭᠯᠡᠭᠦᠯᠦᠨ᠂ ᠦᠶᠡᠷ ᠤᠨ ᠬᠤᠭᠤᠴᠠᠭᠠᠨ ᠤ ᠪᠣᠷᠣᠭᠠᠨ ᠤ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠨᠢᠭᠲᠠᠷᠠᠭᠤᠯᠵᠤ᠂ ᠬᠠᠰᠢᠯᠭ᠎ᠠ ᠶᠢ ᠲᠣᠭᠤᠷᠢᠨ ᠪᠠᠶᠢᠴᠠᠭᠠᠵᠤ ᠵᠠᠪᠳᠤᠨ ᠬᠠᠮᠠᠭᠠᠯᠠᠬᠤ ᠵᠡᠷᠭᠡ ᠪᠡᠯᠡᠳᠬᠡᠯ ᠲᠥᠰᠦᠯ ᠢ ᠰᠤᠳᠤᠯᠤᠨ ᠲᠣᠭᠲᠠᠭᠠᠵᠤ᠂ ᠦᠶᠡᠷ ᠤᠨ ᠤᠰᠤ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠤᠢᠢᠷ᠎ᠠ ᠶᠢᠨ ᠵᠢᠯ ᠤᠳ ᠲᠤ ᠵᠦᠵᠢᠶᠠᠩ ᠮᠥᠷᠡᠨ ᠤ ᠰᠠᠪᠠ ᠭᠠᠵᠠᠷ ᠲᠤ ᠤᠳᠠᠭ᠎ᠠ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠶᠡᠭᠡ ᠭᠠᠩ ᠬᠠᠭᠰᠠᠷᠠᠭᠠᠨ ᠶᠡᠭᠡ ᠤᠰᠤᠲᠤᠯ ᠢ ᠲᠦᠷᠭᠡᠨ ᠬᠤᠪᠢᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠰᠡᠷᠡᠮᠵᠢᠯᠡᠭᠦᠯᠬᠦ ᠲᠥᠰᠦᠯ᠂ ᠤᠰᠤᠨ ᠤ ᠢᠨᠵᠧᠨᠧᠷᠢᠩ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠪᠠ ᠬᠠᠮᠲᠤᠷᠠᠨ ᠲᠤᠬᠢᠷᠠᠭᠤᠯᠤᠨ ᠬᠡᠷᠡᠭᠯᠡᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠳᠦ ᠨᠣᠴᠢᠲᠠᠢ ᠦᠶᠡᠷ ᠲᠠᠢ ᠲᠡᠮᠡᠴᠡᠬᠦ ᠪᠡᠯᠡᠳᠬᠡᠯ ᠢ ᠭᠦᠢᠴᠡᠳ ᠰᠠᠶᠢᠲᠤᠷ ᠬᠢᠵᠦ᠂ ᠵᠦᠵᠢᠶᠠᠩ ᠮᠥᠷᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号