ᠤᠰᠤᠨ ᠠᠰᠢᠭᠯᠠᠯᠲᠠ ᠶᠢᠨ ᠶᠠᠮᠤᠨ ᠤ ᠬᠢᠨᠠᠯᠲᠠ ᠲᠠᠯᠪᠢᠬᠤ ᠵᠤᠷᠭᠠᠨ ᠥᠪᠥᠷ ᠮᠣᠩᠭᠤᠯ ᠤᠨ ᠤᠰᠤᠨ ᠠᠰᠢᠭᠯᠠᠯᠲᠠ ᠳᠤ ᠬᠢᠨᠠᠯᠲᠠ ᠲᠠᠯᠪᠢᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/10
  5 ᠳ᠋ᠤᠭᠠᠷ ᠰᠠᠷ᠎ᠠ ᠶᠢᠨ 9 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠬᠢᠨᠠᠯᠲᠠ ᠲᠠᠯᠪᠢᠬᠤ ᠵᠤᠷᠭᠠᠨ ᠤ ᠳᠠᠷᠤᠭ᠎ᠠ ᠸᠠᠩ ᠰᠥᠩ ᠴᠦᠨ ᠪᠦᠯᠬᠦᠮ ᠳᠠᠭᠠᠭᠤᠯᠤᠨ ᠮᠠᠨ ᠤ ᠣᠷᠣᠨ ᠳᠤ ᠢᠷᠡᠵᠦ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠵᠢᠶᠠᠨ ᠠᠨ ᠲᠥᠪ ᠤᠨ ᠡᠷᠬᠢᠯᠡᠭᠴᠢ ᠵᠠᠩ ᠶᠠᠨ ᠮᠢᠩ ᠂ ᠰᠦᠩ ᠯᠢᠶᠣᠤ ᠶᠢᠨ ᠨᠠᠮ ᠤᠨ ᠬᠤᠷᠢᠶᠠᠨ ᠤ ᠳᠡᠳ᠋ ᠡᠷᠬᠢᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠤ᠂ ᠶᠡᠷᠦᠩᠬᠡᠢ ᠢᠨᠵᠧᠨᠧᠷᠢᠩ ᠵᠤᠤ ᠬᠠᠢ ᠴᠦᠨ᠂ ᠥᠪᠥᠷ ᠮᠣᠩᠭᠤᠯ ᠤᠨ ᠱᠦᠢ ᠲᠧᠦ ᠪᠦᠯᠦᠭᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠵᠦᠩ ᠵᠢᠢ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
要闻-监督工作1.jpg
  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠤᠤᠯ ᠭᠤᠤᠯ ᠤᠨ ᠤᠰᠤ ᠶᠢ ᠲᠠᠲᠠᠵᠤ ᠯᠢᠶᠤᠤᠾᠧ ᠭᠤᠤᠯ ᠳᠤ ᠣᠷᠣᠭᠤᠯᠬᠤ ᠢᠨᠵᠧᠨᠧᠷᠢᠩ ᠤᠨ ᠸᠧᠨ ᠳ᠋ᠧ ᠭᠧᠨ ᠤᠰᠤᠨ ᠠᠰᠢᠭᠯᠠᠯᠲᠠ ᠶᠢᠨ ᠬᠦᠢᠰᠦ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠦᠭᠰᠡᠨ      ᠪᠠᠶᠢᠳᠠᠯ᠂ ᠴᠤᠤᠯ ᠭᠤᠤᠯ ᠤᠨ ᠤᠰᠤ ᠶᠢ ᠲᠠᠲᠠᠵᠤ ᠯᠢᠶᠤᠤᠾᠧ ᠭᠤᠤᠯ ᠳᠤ ᠣᠷᠣᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠰᠢᠰᠲ᠋ᠧᠮ ᠤᠨ ᠪᠠᠶᠢᠭᠤᠯᠤᠯᠲᠠ᠂ ᠬᠢᠨᠠᠯᠲᠠ ᠲᠠᠯᠪᠢᠬᠤ ᠠᠵᠢᠯ ᠤᠨ     ᠥᠷᠨᠢᠯᠲᠡ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠵᠢᠴᠢ ᠶᠠᠰᠤ ᠴᠢᠨᠠᠷ ᠤᠨ ᠬᠢᠨᠠᠯᠲᠠ ᠲᠠᠯᠪᠢᠬᠤ ᠵᠡᠷᠭᠡ ᠶᠢᠨ ᠲᠤᠬᠠᠶ ᠶᠠᠷᠢᠯᠴᠠᠬᠤ ᠬᠤᠷᠠᠯ ᠬᠢᠪᠠ᠃
要闻-监督工作2.jpg
  ᠸᠠᠩ ᠰᠦᠩ ᠴᠦᠨ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠤᠢᠢᠷ᠎ᠠ ᠶᠢᠨ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ ᠲᠦᠪᠰᠢᠨ ᠢᠶᠠᠷ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠰᠠᠶᠢᠨ ᠰᠠᠶᠢᠬᠠᠨ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠪᠠ᠃ ᠲᠡᠷᠡ ᠴᠢᠬᠤᠯᠠᠴᠢᠯᠠᠭᠰᠠᠨ ᠨᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠰᠤ ᠵᠠᠰᠠᠬᠤ ᠭᠤᠣᠯ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠡᠳᠦᠷ ᠳᠤᠳᠤᠮ ᠤᠨ ᠬᠢᠨᠠᠯᠲᠠ ᠲᠠᠯᠪᠢᠬᠤ ᠠᠵᠢᠯ ᠢ ᠪᠣᠳᠠᠲᠠᠶᠢᠵᠢᠭᠤᠯᠵᠤ᠂ ᠡᠮᠦᠨ᠎ᠡ ᠨᠢ ᠬᠢᠨᠠᠯᠲᠠ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠨᠠᠯᠲᠠ ᠲᠠᠯᠪᠢᠬᠤ ᠠᠵᠢᠯ ᠢ ᠪᠠᠶᠢᠩᠭᠤᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠲᠠᠬᠢᠨ ᠪᠠᠶᠢᠭᠤᠯᠵᠤ ᠬᠠᠮᠢᠶᠠᠷᠬᠤ ᠶᠢ ᠬᠥᠩᠭᠡᠪᠴᠢᠯᠡᠬᠦ︾ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠬᠤ ᠠᠵᠢᠯ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠨᠡᠩ ᠥᠨᠳᠥᠷ ᠲᠦᠪᠰᠢᠨ᠂ ᠨᠡᠩ ᠥᠨᠳᠥᠷ ᠲᠡᠰ ᠳᠠᠪᠬᠤᠷᠭ᠎ᠠ ᠲᠡᠶᠢᠰᠢ ᠤᠷᠤᠭᠰᠢᠯᠠᠭᠤᠯᠬᠤ ᠶᠢ ᠪᠡᠶᠡᠯᠡᠭᠦᠯᠬᠦ ᠬᠡᠷᠡᠭᠲᠡᠢ᠃
要闻-监督工作3.jpg
  ᠸᠠᠩ ᠰᠦᠩ ᠴᠦᠨ ᠴᠢᠬᠤᠯᠠᠴᠢᠯᠠᠭᠰᠠᠨ ᠨᠢ᠂ ᠠᠮᠤᠷ ᠲᠦᠪᠰᠢᠨ ᠲᠣᠭᠲᠠᠭᠤᠨ ᠢ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠠᠶᠤᠯᠭᠦᠢ ᠦᠢᠯᠡᠳᠪᠦᠷᠢᠯᠡᠯ᠂ ᠶᠠᠰᠤ ᠴᠢᠨᠠᠷ ᠤᠨ ᠬᠠᠮᠢᠶᠠᠷᠤᠯᠲᠠ᠂ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠪᠠ ᠶᠠᠰᠤ ᠴᠢᠨᠠᠷ ᠤᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠪᠠᠷᠢᠯᠭ᠎ᠠ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠲᠦᠷᠭᠡᠳᠬᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠷ᠎ᠡ ᠠᠰᠢᠭ ᠢ ᠲᠦᠷᠭᠡᠨ ᠪᠠᠳᠠᠷᠠᠭᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠪᠠᠬᠢ ᠨᠠᠶᠢᠳᠠᠪᠤᠷᠢᠲᠠᠢ ᠤᠰᠤᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃  ᠱᠧᠩ ᠰᠢᠶᠣᠣ ᠶᠢᠤ᠂ ᠤᠰᠤᠨ ᠠᠰᠢᠭᠯᠠᠯᠲᠠ ᠶᠢᠨ ᠶᠠᠮᠤᠨ ᠤ ᠬᠢᠨᠠᠯᠲᠠ ᠲᠠᠯᠪᠢᠬᠤ ᠵᠤᠷᠭᠠᠨ᠂ ᠵᠢᠶᠠᠨ ᠠᠨ ᠲᠥᠪ᠂ ᠰᠦᠩ ᠯᠢᠶᠣᠤ ᠶᠢᠨ ᠵᠥᠪᠯᠡᠯ ᠤᠨ ᠣᠯᠠᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠵᠤ ᠳᠡᠮᠵᠢᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠵᠡᠢ ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠴᠠᠭ ᠪᠢᠳᠡᠨ ᠢ ᠬᠦᠯᠢᠶᠡᠬᠦ ᠦᠭᠡᠢ ᠵᠣᠷᠢᠭ ᠰᠠᠨᠠᠭ᠎ᠠ᠂ ᠴᠠᠭ ᠮᠥᠴᠡ ᠶᠢ ᠠᠯᠳᠠᠯ ᠦᠭᠡᠢ ᠠᠵᠢᠯᠯᠠᠭ᠎ᠠ ᠪᠠᠷ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠤᠰᠤᠨ ᠠᠰᠢᠭᠯᠠᠯᠲᠠ ᠶᠢᠨ ᠬᠢᠨᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠨᠠᠯᠲᠠ ᠲᠠᠯᠪᠢᠬᠤ ᠪᠦᠬᠦᠯᠢ ᠴᠣᠭᠴᠠ ᠶᠢᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠪᠠ ᠭᠠᠵᠠᠷ ᠤᠨ ᠤᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃  ᠬᠢᠩᠭᠠᠨ ᠠᠶᠢᠮᠠᠭ ᠤᠨ ᠵᠠᠬᠢᠷᠭ᠎ᠠ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠤᠷᠤᠭᠤᠯᠬᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号