ᠤᠰᠤᠨ ᠠᠰᠢᠭᠯᠠᠯᠲᠠ ᠶᠢᠨ ᠶᠠᠮᠤᠨ 2023 ᠣᠨ ᠤ ᠵᠦᠵᠢᠶᠠᠩ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/5/10
  5 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ 2023 ᠣᠨ ᠤ ᠤᠰᠤᠨ ᠰᠢᠨᠵᠢᠯᠡᠭᠡ ᠶᠢᠨ ᠦᠶᠡᠷ ᠢ ᠬᠡᠮᠵᠢᠬᠦ ᠠᠴᠠ ᠡᠮᠦᠨᠡᠬᠢ ᠪᠡᠯᠡᠳᠬᠡᠯ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠬᠥᠯᠥᠨ ᠪᠤᠶᠢᠷ᠂ ᠤᠯᠠᠭᠠᠨᠴᠠᠪ᠂ ᠣᠷᠳᠣᠰ ᠤᠨ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ ᠤᠨ ᠦᠶᠡᠷ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠰ ᠵᠢᠯ ᠤᠨ ᠦᠶᠡᠷ ᠤᠨ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠦᠶᠡᠷ ᠤᠨ ᠬᠤᠭᠤᠴᠠᠭᠠᠨ ᠤ ᠤᠰᠤᠨ ᠵᠦᠶ ᠶᠢᠨ ᠰᠢᠨᠵᠢᠯᠡᠨ ᠮᠡᠳᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠭᠤᠣᠯ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
宣传-视频会议1.jpg
  ᠬᠤᠷᠠᠯ ᠠᠴᠠ ᠵᠢᠭᠠᠵᠤ ᠭᠠᠷᠭᠠᠭᠰᠠᠨ ᠨᠢ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ      ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠬᠢᠯᠡᠯᠲᠡ ᠶᠢᠨ ᠴᠢᠬᠤᠯᠠ ᠨᠢᠭᠡ ᠵᠢᠯ ᠮᠥᠨ᠂ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠣᠨᠣᠪᠴᠢᠲᠠᠢ ᠡᠵᠡᠮᠳᠡᠵᠦ᠂ ᠡᠨᠡ ᠵᠢᠯ ᠤᠨ ᠤᠰᠤᠨ ᠰᠢᠨᠵᠢᠯᠡᠭᠡ ᠶᠢ ᠰᠢᠨᠵᠢᠯᠡᠨ ᠮᠡᠳᠡᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠨᠢ ᠣᠨᠴᠠᠭᠠᠢ ᠠᠴᠢ ᠬᠤᠯᠪᠣᠭᠳᠠᠯ ᠲᠠᠢ ᠶᠤᠮ᠂ ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠱᠠᠲᠤᠨ ᠤ ᠤᠰᠤᠨ ᠰᠢᠨᠵᠢᠯᠡᠭᠡᠨ ᠤ ᠰᠠᠯᠠᠭ᠎ᠠ ᠮᠥᠴᠢᠷ ᠤᠨ ᠬᠢᠨ ︽ᠬᠤᠶᠠᠷ ᠢ ᠪᠠᠷᠢᠮᠲᠠᠯᠠᠬᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠦᠶᠡᠷ ᠢ ᠰᠡᠷᠭᠡᠶᠢᠯᠡᠬᠦ ᠨᠡᠨ ᠬᠦ ᠬᠥᠪᠴᠢ ᠶᠢ ᠴᠢᠩᠭᠠᠯᠠᠵᠤ᠂ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ᠂ ᠲᠦᠢᠯᠰᠢᠷᠠᠯ ᠤᠨ ᠰᠡᠳᠬᠢᠬᠦᠢ ᠶᠢ ᠪᠤᠢ ᠪᠣᠯᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠤᠰᠤᠨ ᠰᠢᠨᠵᠢᠯᠡᠭᠡᠨ ᠤ ᠰᠢᠨᠵᠢᠯᠡᠨ ᠮᠡᠳᠡᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠤᠰᠤᠨ ᠰᠢᠨᠵᠢᠯᠡᠭᠡᠨ ᠤ ᠬᠡᠮᠵᠢᠨ ᠮᠡᠳᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠠᠢ ᠭᠡᠵᠡᠢ᠃
宣传-视频会议2.jpg
  ᠬᠤᠷᠠᠯ ᠠᠴᠠ ᠴᠢᠬᠤᠯᠠᠴᠢᠯᠠᠭᠰᠠᠨ ᠨᠢ ᠤᠰᠤᠨ ᠠᠰᠢᠭᠯᠠᠯᠲᠠ ᠶᠢᠨ ᠶᠠᠮᠤᠨ ᠤ 2023 ᠣᠨ ᠤ ᠦᠶᠡᠷ ᠤᠨ ᠬᠤᠭᠤᠴᠠᠭᠠᠨ ᠤ ᠪᠥᠬᠦ ᠤᠯᠤᠰ ᠤᠨ ᠦᠶᠡᠷ ᠤᠰᠤᠳᠤᠯ ᠤᠨ ᠬᠠᠨᠳᠤᠰᠢ ᠶᠢ ᠤᠷᠢᠳᠴᠢᠯᠠᠨ ᠲᠥᠰᠦᠭᠡᠯᠡᠵᠦ ᠵᠠᠳᠠᠯᠤᠭᠰᠠᠨ ᠢᠶᠠᠷ᠂ ᠡᠨᠡ ᠵᠢᠯ ᠤᠨ ᠦᠶᠡᠷ ᠤᠨ ᠬᠤᠭᠤᠴᠠᠭ᠎ᠠ ︵6 ᠠᠴᠠ 8 ᠳ᠋ᠤᠭᠠᠷ ᠰᠠᠷ᠎ᠠ︶ ᠮᠠᠨ ᠤ ᠣᠷᠣᠨ ᠤ ᠳᠤᠮᠳᠠ ᠵᠡᠭᠦᠨ ᠬᠡᠰᠡᠭ ᠲᠤ ᠪᠣᠷᠣᠭᠠᠨ ᠦᠶᠡᠷ ᠤᠨ ᠦᠶᠡᠷ ᠤᠨ ᠬᠡᠲᠦᠷᠡᠮᠡᠬᠡᠢ ᠬᠡᠷᠡᠭ ᠭᠠᠷᠴᠤ ᠮᠡᠳᠡᠨ᠎ᠡ᠂ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠂ ᠡᠯ᠎ᠡ ᠤᠰᠤᠨ ᠵᠦᠢ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ᠂ ᠪᠠᠶᠠᠨᠨᠠᠭᠤᠷ ᠬᠤᠳᠠ ᠶᠢᠨ ᠤᠰᠤᠨ ᠵᠦᠢ ᠤᠰᠤᠨ ᠤ ᠡᠬᠢ ᠪᠠᠶᠠᠯᠢᠭ ᠢ ᠬᠠᠶᠢᠨ ᠬᠡᠮᠵᠢᠬᠦ ᠲᠥᠪ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠶᠡᠷ ᠠᠴᠠ ᠡᠮᠦᠨᠡᠬᠢ ᠪᠡᠯᠡᠳᠬᠡᠯ ᠠᠵᠢᠯ ᠢ ᠴᠢᠩᠭᠠᠳᠬᠠᠵᠤ᠂ ᠪᠣᠷᠣᠭᠠᠨ ᠤ ᠤᠰᠤᠨ ᠤ ᠪᠠᠶᠢᠳᠠᠯ᠂ ᠭᠠᠩ ᠤᠨ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠬᠤ ᠬᠡᠷᠡᠭᠲᠡᠶ︔ ᠬᠤᠶᠠᠷ ᠲᠤ ︽ᠨᠢᠭᠡ ᠥᠷᠲᠡᠭᠡ ᠨᠢᠭᠡ ᠠᠷᠭ᠎ᠠ ᠪᠣᠳᠣᠯᠭ᠎ᠠ︾ ᠶᠢ ᠵᠠᠳᠠᠯᠤᠨ ᠰᠤᠳᠤᠯᠬᠤ ᠶᠢ ᠭᠦᠨᠵᠡᠭᠡᠶ ᠥᠷᠨᠢᠭᠦᠯᠵᠦ᠂ ᠦᠶᠡᠷ ᠤᠨ ᠣᠨᠴᠠᠯᠢᠭ ᠵᠢᠮ᠎ᠡ ᠶᠣᠰᠣ ᠶᠢ ᠳᠠᠬᠢᠨ ᠪᠠᠶᠢᠴᠠᠭᠠᠨ ᠦᠵᠡᠵᠦ᠂ ᠤᠰᠤᠨ ᠰᠢᠨᠵᠢᠯᠡᠭᠡᠨ ᠤ ᠬᠡᠮᠵᠢᠨ ᠮᠡᠳᠡᠭᠦᠯᠬᠦ ᠠᠵᠢᠯ ᠤᠨ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠣᠲᠣ ᠶᠢᠨ ᠣᠷᠣᠰᠢᠵᠤ ᠪᠠᠶᠢᠭ᠎ᠠ ᠠᠰᠠᠭᠤᠳᠠᠯ ᠵᠢᠴᠢ ᠳᠤᠲᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ᠬᠡᠮᠵᠢᠨ ᠮᠡᠳᠡᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ ᠤᠰᠤᠨ ᠰᠢᠨᠵᠢᠯᠡᠭᠡᠨ ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠬᠡᠮᠵᠢᠨ ᠪᠠᠶᠢᠴᠠᠭᠠᠬᠤ ᠪᠠᠷ ᠨᠥᠬᠦᠵᠦ ᠮᠡᠳᠡᠭᠦᠯᠬᠦ︾ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ ᠶᠢ ᠴᠠᠭ ᠲᠤᠬᠠᠶ ᠳᠤᠨᠢ ᠥᠷᠨᠢᠭᠦᠯᠵᠦ᠂ ︽ᠳᠥᠷᠪᠡ ᠶᠢ ᠤᠷᠢᠳᠴᠢᠯᠠᠨ ᠲᠥᠯᠥᠪᠯᠡᠬᠦ︾ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠰᠤᠨ ᠤ ᠪᠠᠶᠢᠳᠠᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠦᠷᠭᠡᠬᠦ ᠬᠡᠷᠡᠭᠲᠡᠶ︔ ᠲᠦᠷᠪᠡ ᠳᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠬᠤ ᠭᠡᠵᠦ ᠵᠢᠭᠠᠪᠠ ᠃    ᠲᠥᠪ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠦᠷᠳᠡᠭᠡ ᠰᠦᠯᠵᠢᠶᠡᠨ ᠤ ᠭᠠᠵᠠᠷ᠂ ᠤᠰᠤᠨ ᠤ ᠪᠠᠶᠢᠳᠠᠯ ᠤᠨ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠡᠯ᠎ᠡ ᠬᠤᠪᠢᠶᠠᠷᠢ ᠲᠥᠪ᠂ ᠪᠠᠶᠠᠨᠨᠠᠭᠤᠷ ᠬᠤᠳᠠ ᠶᠢᠨ ᠤᠰᠤᠨ ᠵᠦᠢ ᠤᠰᠤᠨ ᠤ ᠡᠬᠢ ᠪᠠᠶᠠᠯᠢᠭ ᠤᠨ ᠬᠠᠶᠢᠨ ᠬᠡᠮᠵᠢᠯᠲᠡ ᠶᠢᠨ ᠲᠥᠪ ᠤᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号