ᠤᠰᠤᠨ ᠠᠰᠢᠭᠯᠠᠯᠲᠠ ᠶᠢᠨ ᠶᠠᠮᠤᠨ 2023 ᠣᠨ ᠤ ᠲᠠᠢ ᠬᠤ᠋ ᠨᠠᠭᠤᠷ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2023/5/11
  5 ᠳ᠋ᠤᠭᠠᠷ ᠰᠠᠷ᠎ᠠ ᠶᠢᠨ 11  ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠲᠠᠢ ᠬᠤ᠋ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ᠂ ᠵᠧᠵᠢᠶᠠᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠵᠢᠴᠢ ᠵᠢᠶᠠᠰᠢᠩ ᠬᠤᠳᠠ᠂ ᠵᠢᠶᠠᠱᠠᠨ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠸᠢᠳᠢᠤ᠋ ᠪᠠᠷ ᠬᠤᠯᠪᠣᠬᠤ ᠬᠡᠯᠪᠡᠷᠢ ᠪᠠᠷ 2023 ᠣᠨ ᠤ ᠲᠠᠢ ᠬᠤ᠋ ᠨᠠᠭᠤᠷ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠭ᠎ᠠ ᠶᠢᠨ ᠰᠣᠷᠢᠯᠲᠠ ᠥᠷᠨᠢᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠢ ᠫᠢᠩ ᠰᠣᠷᠢᠯᠲᠠ ᠳᠤ ᠣᠷᠣᠯᠴᠠᠵᠤ ᠶᠠᠷᠢᠶ᠎ᠠ ᠲᠠᠯᠪᠢᠵᠠᠢ᠃ ᠤᠰᠤᠨ ᠠᠰᠢᠭᠯᠠᠯᠲᠠ ᠶᠢᠨ ᠶᠠᠮᠤᠨ ᠤ ᠬᠦᠷᠭᠡ ᠮᠦᠷᠡᠨ᠂ ᠬᠠᠲᠤᠨ ᠭᠤᠣᠯ᠂ ᠬᠤᠸᠠᠶᠢᠾᠧ ᠭᠤᠣᠯ᠂ ᠬᠠᠶᠢᠾᠧ ᠭᠤᠣᠯ᠂ ᠵᠦᠵᠢᠶᠠᠩ ᠮᠥᠷᠡᠨ᠂ ᠰᠤᠩᠭᠠᠷᠢ ᠮᠥᠷᠡᠨ ᠯᠢᠶᠣᠤᠾᠧ ᠭᠤᠣᠯ ᠤᠨ ᠤᠰᠤᠨ ᠠᠰᠢᠭᠯᠠᠯᠲᠠ  ᠵᠥᠪᠯᠡᠯ ᠤᠨ ᠬᠢᠨ ᠸᠢᠳᠢᠤ᠋ ᠬᠤᠯᠪᠤᠭᠠᠨ ᠤ ᠤᠳᠠᠰᠤᠨ ᠳᠡᠭᠡᠷ᠎ᠡ ᠪᠦᠬᠦ ᠶᠠᠪᠤᠴᠠ ᠶᠢ ᠰᠤᠨᠢᠷᠬᠠᠨ ᠦᠵᠡᠪᠡ᠃  ᠰᠣᠷᠢᠯᠲᠠ ᠨᠢ ᠰᠠᠪᠠ ᠭᠠᠵᠠᠷ ᠤᠨ ᠣᠳᠣᠬᠢ ᠪᠠᠶᠢᠳᠠᠯ ᠳᠤ ᠭᠠᠷᠤᠭᠰᠠᠨ 1999 ᠣᠨ ᠤ ᠶᠡᠭᠡ ᠤᠰᠤᠨ ᠤ ᠪᠣᠳᠠᠲᠤ ᠪᠠᠶᠢᠳᠠᠯ  ᠤᠨ ᠪᠣᠷᠣᠭᠠᠨ ᠣᠷᠣᠭᠰᠠᠨ ᠢᠶᠠᠷ ᠠᠷᠤ ᠦᠵᠡᠭᠳᠡᠯ ᠪᠣᠯᠭᠠᠵᠤ᠂ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠨ ᠪᠠᠶᠢᠳᠠᠯ  ᠳᠤ ᠦᠶᠡᠷ ᠢ ᠰᠡᠷᠭᠡᠶᠢᠯᠡᠬᠦ ᠵᠥᠪᠳᠡᠯᠴᠡᠭᠡ ᠬᠢᠬᠦ ᠪᠠ ᠨᠢᠭᠡᠳᠤᠭ᠍ᠰᠡᠨ ᠳᠤᠬᠢᠷᠠᠭᠤᠯᠳᠠ ᠬᠢᠬᠦ᠂ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠠᠯᠤᠰ ᠠᠴᠠ ᠵᠥᠪᠳᠡᠯᠴᠡᠬᠦ᠂ ᠠᠳᠠᠯᠢ ᠪᠤᠰᠤ ᠲᠣᠬᠢᠷᠠᠭᠤᠯᠤᠯᠲᠠ ᠶᠢᠨ ᠲᠥᠰᠥᠯ ᠤᠨ ᠪᠡᠯᠡᠳᠬᠡᠯ ᠰᠣᠷᠢᠯᠲᠠ ᠶᠢ ᠠᠳᠠᠯᠢᠳᠬᠠᠨ ᠰᠣᠩᠭᠤᠬᠤ᠂ ᠭᠤᠣᠯᠳᠠᠯᠭ᠎ᠠ ᠲᠠᠢ ᠢᠨᠵᠧᠨᠧᠷᠢᠩ  ᠳᠤ ᠲᠣᠭᠤᠷᠢᠨ ᠪᠠᠶᠢᠴᠠᠭᠠᠯᠲᠠ ᠬᠢᠬᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠵᠡᠷᠭᠡ ᠭᠤᠭᠴᠤᠭ᠎ᠠ ᠳᠤ ᠰᠣᠷᠢᠯᠲᠠ ᠬᠢᠵᠡᠢ᠃  ᠯᠢᠦ ᠸᠧᠢ ᠫᠢᠩ ᠲᠤᠰ ᠤᠳᠠᠭ᠎ᠠ ᠶᠢᠨ ᠰᠣᠷᠢᠯᠲᠠ ᠶᠢᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠳᠤᠯᠠᠭᠰᠠᠨ ᠪᠦᠭᠡᠳ᠂ ᠰᠣᠷᠢᠯᠲᠠ ᠶᠢᠨ ᠳᠤᠮᠳᠠ ᠢᠯᠡᠷᠡᠭᠰᠡᠨ ᠠᠰᠠᠭᠤᠳᠠᠯ ᠢ ᠴᠢᠨᠠᠭᠰᠢᠳᠠ ᠳ᠋ᠦᠩᠨᠡᠵᠦ᠂ ᠲᠠᠢ ᠬᠤ᠋ ᠨᠠᠭᠤᠷ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠤᠨ ᠳᠤᠲᠠᠭᠤᠳᠠᠯ ᠪᠤᠯᠤᠨ ᠪᠠᠭᠤᠷᠠᠢ ᠲᠠᠯ᠎ᠠ ᠶᠢ ᠪᠦᠷ ᠭᠦᠨᠵᠡᠭᠡᠢ ᠵᠠᠳᠠᠯᠵᠤ᠂ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠬᠤᠶᠠᠷ ᠲᠠᠯ᠎ᠠ ᠶᠢ ᠠᠳᠬᠤᠬᠤ ᠬᠡᠷᠡᠭᠲᠡᠢ ᠭᠡᠵᠦ ᠱᠠᠭᠠᠷᠳᠠᠪᠠ᠃  ᠯᠢᠦ ᠸᠧᠢ ᠫᠢᠩ ᠴᠢᠬᠤᠯᠠᠴᠢᠯᠠᠨ ᠵᠢᠭᠠᠬᠤ ᠳᠠᠭᠠᠨ ᠨᠢ᠂ ᠣᠳᠣᠬᠠᠨ ᠳᠤ ᠲᠠᠢ ᠬᠤ᠋ ᠨᠠᠭᠤᠷ ᠤᠨ ᠰᠠᠪᠠ ᠭᠠᠵᠠᠷ ᠤᠨ ᠬᠡᠰᠡᠭ ᠨᠢᠭᠡᠨᠲᠡ ᠪᠦᠬᠦ ᠲᠠᠯ᠎ᠠ ᠪᠠᠷ ᠦᠶᠡᠷ ᠤᠨ ᠬᠤᠭᠤᠴᠠᠭᠠᠨ ᠳᠤ ᠣᠷᠣᠵᠤ ᠹᠦᠵᠢᠶᠠᠨ᠂ ᠵᠧᠵᠢᠶᠠᠩ ᠤᠨ ᠬᠡᠰᠡᠭ ᠭᠠᠵᠠᠷ ᠣᠷᠣᠨ ᠳᠤ ᠤᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠨᠢᠭᠡᠨᠲᠡ ᠪᠣᠳᠠᠲᠤ ᠳᠠᠶᠢᠨ ᠤ ᠱᠠᠲᠤᠨ ᠳᠤ ᠣᠷᠣᠪᠠ᠃ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠴᠢᠨᠠᠭᠰᠢᠳᠠ ᠴᠢᠩᠭᠠᠳᠬᠠᠵᠤ᠂ ︽ᠳᠥᠷᠪᠡ ᠶᠢ ᠤᠷᠢᠳᠴᠢᠯᠠᠬᠤ︾ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠤᠯᠠᠨ ᠬᠠᠷᠠᠯᠲᠠ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠲᠠᠢ ᠬᠤ᠋ ᠨᠠᠭᠤᠷ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠤᠰᠣᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号