ᠱᠧᠩ ᠰᠢᠶᠤᠤ ᠶᠢᠤ ᠴᠤᠤᠯ ᠭᠤᠣᠯ  ᠤᠨ ᠣᠰᠣ ᠶᠢ ᠲᠠᠲᠠᠵᠤ ᠯᠢᠶᠤᠤᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2023/5/11
  ᠴᠤᠤᠯ ᠭᠤᠣᠯ  ᠤᠨ ᠤᠰᠣ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠦᠲᠦᠮᠵᠢᠲᠡᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 10  ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠤ ᠪᠦᠯᠬᠦᠮ ᠳᠠᠭᠠᠭᠤᠯᠤᠨ ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ  ᠵᠢᠯᠤᠭᠤᠳᠤᠪᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠢ ᠢᠨᠵᠧᠨᠧᠷ ᠵᠤᠤ ᠬᠠᠢ ᠴᠦᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
整改工作1.jpg
  ᠱᠧᠩ ᠰᠢᠶᠤᠤ ᠶᠢᠤ ᠴᠤᠤᠯ ᠭᠤᠣᠯ  ᠤᠨ ᠤᠰᠤ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠤᠰᠤ ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠤᠨ 2 ︱ 3 ᠰᠠᠯᠪᠤᠷᠢ ᠨᠦᠬᠡᠨ ᠵᠠᠮ ᠤᠨ TBM ᠮᠠᠯᠲᠠᠯᠲᠠ ᠶᠢᠨ ᠬᠡᠰᠡᠭ ᠸᠧᠨ ᠳ᠋ᠧ ᠭᠧᠨ ᠤᠰᠤᠨ ᠠᠰᠢᠭᠯᠠᠯᠲᠠ ᠶᠢᠨ ᠬᠦᠢᠰᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠣᠳᠠᠲᠤ ᠪᠠᠶᠢᠳᠠᠯ ᠢ ᠣᠶᠢᠯᠠᠭᠠᠵᠤ᠂ ᠪᠣᠳᠠᠲᠤ ᠪᠠᠶᠢᠳᠠᠯ ᠢ ᠪᠠᠶᠢᠴᠠᠭᠠᠪᠠ᠃ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠲᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠢᠩᠭᠠᠨ ᠠᠶᠢᠮᠠᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠴᠤᠤᠯ ᠭᠤᠣᠯ  ᠤᠨ ᠤᠰᠣ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠺᠣᠮᠫᠠᠨᠢ ᠪᠣᠯᠣᠨ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ  ᠨᠡᠭᠦᠯᠭᠡᠵᠤ ᠲᠥᠪᠬᠢᠨᠡᠭᠦᠯᠬᠦ ᠲᠠᠯ᠎ᠠ  ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠬᠢᠨᠠᠨ ᠪᠤᠳᠤᠯᠳᠠ ᠶᠢᠨ ᠴᠡᠭᠴᠡᠯᠡᠨ ᠰᠠᠶᠢᠵᠢᠷᠠᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠣᠶᠢᠯᠠᠭᠠᠪᠠ᠃
整改工作2.jpg
  ᠱᠧᠩ ᠰᠢᠶᠤᠤ ᠶᠢᠤ ᠵᠢᠭᠠᠬᠤ ᠳᠠᠭᠠᠨ ᠴᠤᠤᠯ ᠭᠤᠣᠯ  ᠤᠨ ᠤᠰᠣ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠡᠦᠬᠡᠨ ᠳᠠᠬᠢ ᠪᠡᠯᠡ ᠣᠷᠤᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠠᠰᠢᠭ ᠬᠦᠷᠳᠡᠬᠦ ᠲᠠᠯᠠᠪᠠᠢ ᠪᠠᠷ ᠬᠠᠮᠤᠭ ᠤᠨ ᠥᠷᠭᠡᠨ ᠢᠨᠵᠧᠨᠧᠷᠢᠩ  ᠶᠤᠮ᠂ ᠤᠯᠤᠰ ᠲᠦᠷᠦ ᠶᠢᠨ ᠵᠣᠭᠰᠣᠴᠠ ᠪᠠᠨ  ᠡᠷᠬᠡᠪᠰᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠨᠠᠨ ᠪᠣᠳᠣᠯᠲᠠ  ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ  ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠪᠡ᠃
整改工作3.jpg
  ᠱᠧᠩ ᠰᠢᠶᠤᠤ ᠶᠢᠤ ᠱᠠᠭᠠᠷᠲᠠᠬᠤ  ᠳᠠᠭᠠᠨ᠂ ᠡᠯ᠎ᠡ ᠬᠤᠯᠪᠣᠭᠳᠠᠯ ᠪᠦᠬᠦᠢ ᠨᠢᠭᠡᠴᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠵᠢᠷᠭᠠᠯ ᠵᠤᠪᠠᠯᠠᠩ ᠢᠶᠠᠨ ᠬᠠᠮᠲᠤᠳᠬᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠴᠤᠤᠯ ᠭᠤᠣᠯ  ᠤᠨ ᠤᠰᠤ ᠶᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠴᠤᠤᠯ ᠭᠤᠣᠯ  ᠤᠨ ᠤᠰᠣ ᠶᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠤᠯᠤᠨ ᠴᠤᠤᠯ ᠭᠤᠣᠯ  ᠤᠨ ᠤᠰᠤ ᠶᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ  ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠥᠯᠥᠪᠯᠡᠭᠡ ᠶᠣᠰᠣᠭᠠᠷ ᠵᠡᠷᠭᠡ ᠪᠠᠷ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ  ᠪᠠ ᠢᠨᠵᠧᠨᠧᠷᠢᠩ ᠤᠨ ᠦᠷ᠎ᠡ ᠠᠰᠢᠭ ᠢ ᠦᠨᠡᠨ ᠬᠦ ᠪᠠᠳᠠᠷᠠᠭᠤᠯᠬᠤ  ᠶᠢ  ᠵᠠᠪᠠᠯ ᠪᠠᠳᠣᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ  ᠤᠶᠢᠯᠠᠭᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠲᠠᠩᠰᠠ  ᠪᠠᠨ ᠬᠠᠷᠭᠤᠭᠤᠯᠤᠨ ᠨᠣᠮᠧᠷ ᠢ ᠨᠢ ᠬᠠᠰᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ  ᠪᠠᠨ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠳᠤᠪᠤᠶᠢᠯᠭᠠᠵᠤ᠂ ᠶᠡᠷᠦᠩᠬᠡᠢ  ᠳᠤᠨᠢ ᠠᠬᠢᠭᠤᠯᠵᠤ᠂ ᠬᠠᠮᠳᠤ ᠶᠢᠨ ᠬᠦᠴᠦᠨ ᠢ ᠪᠦᠷᠢᠯᠳᠦᠭᠦᠯᠵᠦ᠂ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠵᠣᠬᠢᠶᠠᠯ︾  ᠢ ᠦᠨᠳᠤᠷ ᠴᠢᠨᠠᠷ ᠴᠢᠨᠰᠠᠭ᠎ᠠ ᠲᠠᠢ ᠪᠡᠶᠡᠯᠡᠭᠦᠯᠵᠦ᠂ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠪᠣᠳᠠᠲᠠᠢ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃  ᠬᠢᠩᠭᠠᠨ ᠠᠶᠢᠮᠠᠭ ᠤᠨ ᠵᠠᠬᠢᠷᠭ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠯᠠᠶᠢᠳ ᠬᠤᠰᠢᠭᠤᠨ ᠤ ᠵᠠᠰᠠᠭ ᠤᠨ ᠣᠷᠳᠣᠨ᠂ ᠥᠪᠥᠷ ᠮᠣᠩᠭᠤᠯ ᠤᠨ ᠤᠰᠤᠨ ᠤ ᠪᠡᠯᠡ ᠣᠷᠤᠭᠤᠯᠤᠯᠲᠠ ᠶᠢᠨ ᠪᠦᠯᠦᠭᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠵᠦ ᠵᠢᠷᠤᠵᠤ ᠲᠥᠯᠥᠪᠯᠡᠬᠦ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠤᠰᠤᠨ ᠤ ᠵᠡᠭᠦᠨ ᠬᠤᠶᠢᠲᠤ ᠣᠷᠣᠨ ᠤ ᠬᠠᠶᠢᠨ ᠬᠡᠮᠵᠢᠵᠦ ᠵᠢᠷᠤᠵᠤ ᠲᠥᠯᠥᠪᠯᠡᠬᠦ ᠰᠤᠳᠤᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠤᠤᠯ ᠭᠤᠣᠯ  ᠤᠨ ᠤᠰᠤ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠪᠠ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠤᠩᠭᠤᠯ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号