ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠬᠢᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠳᠤ ᠬᠦᠷᠴᠦ ︽ᠤᠰᠤᠨ ᠠᠰᠢᠭᠯᠠᠯᠲᠠ ᠴᠠᠬᠢᠯᠭᠠᠨ ᠬᠦᠴᠦᠨ ᠤ ᠬᠠᠮᠲᠤᠷᠠᠨ ᠬᠥᠳᠡᠯᠦᠯᠴᠡᠬᠦ ᠰᠤᠷᠤᠯᠴᠠᠯᠭ᠎ᠠ ᠰᠣᠯᠢᠯᠴᠠᠭ᠎ᠠ ᠶᠢ ᠠᠬᠢᠭᠤᠯᠤᠨ ᠳᠡᠭᠡᠭᠰᠢᠯᠡᠭᠦᠯᠬᠦ︾ ᠲᠠᠩᠰᠠ ᠡᠪᠬᠡᠮᠡᠯ ᠢ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/11
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠮᠦᠨ ᠴᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠣᠯᠣᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠨᠠᠮ ᠤᠨ ᠶᠡᠷᠦᠩᠬᠡᠢ ᠡᠭᠦᠷ ᠤᠨ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠬᠦᠭᠵᠢᠭᠦᠯᠬᠦ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠲᠤᠭᠤᠰᠢᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠤ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠵᠢᠯ ᠤᠨ ᠲᠠᠩᠰᠠ ᠡᠪᠬᠡᠮᠡᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ  ᠠᠬᠢᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 11 ᠤ ᠡᠳᠦᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠭᠤᠯᠠᠭ᠎ᠠ ᠵᠢᠴᠢ ᠬᠠᠷᠢᠶ᠎ᠠ  ᠨᠢᠭᠡᠴᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠳᠤ ᠬᠦᠷᠴᠦ ᠲᠠᠩᠰᠠ‌ᠡᠪᠬᠡᠮᠡᠯ ᠢ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠪᠡ᠃
参观学习活动1.jpg
   ᠲᠤᠭᠤᠷᠢᠨ ᠦᠵᠡᠵᠤ ᠰᠤᠷᠠᠯᠴᠠᠬᠤ ᠠᠵᠢᠯᠯᠠᠭ᠎ᠠ ᠶᠢᠨ ᠳᠤᠮᠳᠠ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠲᠠᠩᠰᠠ ᠡᠪᠬᠡᠮᠡᠯ ᠤᠨ ᠲᠠᠰᠤᠭ ᠤᠨ ᠬᠠᠷᠢᠭᠤᠴᠠᠯᠭᠠᠲᠠᠨ ᠮᠠᠨ ᠤ ᠲᠢᠩᠬᠢᠮ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠳᠤ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠲᠠᠩᠰᠠ ᠡᠪᠬᠡᠮᠡᠯ ᠤᠨ ᠲᠠᠰᠤᠭ ᠤᠨ ᠳᠠᠩᠰᠠ ᠡᠪᠬᠡᠮᠡᠯ ᠬᠠᠳᠠᠭᠠᠯᠠᠵᠤ ᠪᠠᠶᠢᠭ᠎ᠠ ᠪᠠᠶᠢᠳᠠᠯ᠂ ᠠᠵᠢᠯᠲᠠᠨ ᠤ ᠲᠣᠬᠢᠷᠠᠭᠤᠯᠤᠯᠲᠠ᠂ ᠲᠡᠦᠬᠡ ᠶᠢᠨ ᠤᠯᠠᠷᠢᠯ  ᠬᠤᠪᠢᠷᠠᠯ᠂ ᠲᠠᠩᠰᠠ ᠡᠪᠬᠡᠮᠡᠯ ᠤᠨ ᠳᠦᠷᠢᠮ ᠤᠨ ᠵᠢᠷᠤᠮᠵᠢᠯ ᠵᠡᠷᠭᠡ ᠲᠠᠯ᠎ᠠ ᠶᠢᠨ ᠪᠠᠶᠢᠳᠠᠯ  ᠢᠶᠠᠨ ᠲᠠᠨᠢᠯᠴᠠᠭᠤᠯᠵᠠᠢ᠃  ᠮᠠᠨ ᠤ ᠲᠢᠩᠬᠢᠮ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ  ᠠᠵᠢᠯᠲᠠᠳ  ᠲᠤᠭᠠᠴᠠᠯᠠᠭᠰᠠᠨ ᠲᠠᠩᠰᠠ ᠡᠪᠬᠡᠮᠡᠯ ᠤᠨ ᠣᠷᠳᠣᠨ ᠤ ᠰᠢᠰᠲ᠋ᠧᠮ ᠤᠨ ᠬᠡᠷᠡᠭᠯᠡᠯᠲᠡ ᠶᠢᠨ ᠲᠤᠬᠠᠢ ᠰᠤᠷᠤᠯᠴᠠᠨ ᠦᠢᠯᠡᠳᠦᠯᠭᠡᠵᠢᠭᠦᠯᠵᠦ᠂ ᠲᠠᠩᠰᠠ ᠡᠪᠬᠡᠮᠡᠯ ᠤᠨ ᠡᠬᠢ ᠪᠠᠶᠠᠯᠢᠭ ᠢ ᠴᠤᠭᠯᠠᠭᠤᠯᠬᠤ᠂ ᠳᠠᠮᠵᠢᠭᠤᠯᠤᠨ ᠬᠦᠷᠭᠡᠬᠦ᠂ ᠠᠰᠢᠭᠯᠠᠬᠤ᠂ ᠬᠠᠳᠠᠭᠠᠯᠠᠨ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠪᠥᠬᠦ ᠠᠵᠢᠯ ᠤᠨ ᠶᠠᠪᠤᠴᠠ ᠶᠢᠨ ᠳᠦᠷᠢᠮ ᠤᠨ ᠵᠢᠷᠤᠮᠵᠢᠯ ᠢ ᠤᠯᠠᠮ ᠨᠢᠭᠡ ᠠᠯᠬᠤᠮ ᠣᠶᠢᠯᠠᠭᠠᠪᠠ᠃
参观学习活动2.jpg
  ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠨᠢ ᠠᠵᠢᠯ ᠲᠥᠷᠥᠯ ᠤᠨ ᠳᠤᠮᠳᠠ ᠪᠠᠨ ᠡᠮᠦᠨ᠎ᠡ ᠡᠩᠨᠡᠭᠡᠨ ᠳᠤ ᠤᠷᠤᠳᠠᠭ᠂ ᠮᠠᠨ ᠤ ᠲᠢᠩᠬᠢᠮ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠳ ᠢᠳᠡᠪᠬᠢᠲᠡᠢ ᠪᠠᠷ ᠠᠰᠠᠭᠤᠨ ᠯᠠᠪᠯᠠᠵᠤ᠂ ᠳᠠᠷᠤᠤ ᠬᠢᠴᠢᠶᠡᠩᠭᠦᠢ ᠪᠠᠷ ᠰᠤᠷᠤᠯᠴᠠᠵᠤ᠂ ᠠᠵᠢᠯᠯᠠᠭᠠᠨ ᠤ ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ ᠡᠶ᠎ᠡ ᠨᠠᠶᠢᠷᠲᠠᠢ ᠪᠤᠯᠵᠠᠢ᠃ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠤᠶᠢᠰᠢᠳᠠ ᠶᠢᠨ ᠠᠵᠢᠯ ᠳᠤᠮᠳᠠ ᠪᠠᠨ‌ᠬᠠᠷᠢᠯᠴᠠᠭ᠎ᠠ ᠬᠤᠯᠪᠤᠭ᠎ᠠ ᠪᠠᠨ ᠴᠢᠨᠠᠭᠰᠢᠳᠠ ᠴᠢᠩᠭᠠᠳᠬᠠᠵᠤ᠂ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠬᠠᠷᠢᠯᠴᠠᠨ ᠲᠣᠯᠢ ᠪᠣᠯᠭᠠᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠲᠦᠪᠰᠢᠨ ᠢᠶᠠᠨ ᠬᠠᠮᠳᠤ ᠪᠠᠷ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃  ᠥᠪᠡᠷᠲᠡᠭᠡᠨ‌ᠵᠠᠰᠠᠬᠤ‌ᠣᠷᠣᠨ ᠤ ᠤᠰᠤᠨ‌ᠠᠰᠢᠭᠯᠠᠯᠲᠠ ᠵᠢᠨ‌‍ᠲ᠋ᠢᠩᠬᠢᠮ ‍ᠦᠨ‌‍ᠲ᠋ᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠳᠠᠳ ᠪᠠᠶᠢᠭᠤᠯᠭ᠎ᠠ ᠠᠴᠠ ᠪᠠᠨ ᠭᠠᠷᠴᠤ ᠶᠠᠪᠤᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠨᠢᠭᠡᠴᠢ ᠲᠠᠢ ᠬᠤᠯᠪᠤᠭᠠᠯᠠᠨ ᠪᠠᠶᠢᠭᠤᠯᠵᠤ ᠬᠤᠯᠪᠤᠭᠠᠯᠠᠨ      ᠬᠥᠳᠡᠯᠦᠯᠴᠡᠵᠦ᠂ ᠪᠠᠶᠢᠴᠠᠭᠠᠨ ᠰᠤᠳᠤᠯᠤᠯᠲᠠ ᠬᠢᠬᠦ ᠪᠠ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠶᠢ ᠬᠠᠮᠳᠤ  ᠪᠠᠷ ᠥᠷᠨᠢᠭᠦᠯᠵᠦ ᠪᠠᠶᠢᠭ᠎ᠠ ᠨᠢ ᠨᠢᠭᠡᠨ ᠤᠳᠬ᠎ᠠ ᠠᠭᠤᠯᠭ᠎ᠠ  ᠲᠠᠢ᠂ ᠢᠳᠡᠪᠬᠢᠲᠡᠢ ᠬᠠᠶᠢᠨ ᠰᠦᠪᠡᠭᠴᠢᠯᠡᠯᠲᠡ ᠪᠤᠯᠠᠬᠤ    ᠶᠤᠮ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠱᠠᠭᠠᠷᠳᠠᠯᠭ᠎ᠠ  ᠶᠢᠨ ᠲᠤᠭᠤᠷᠢᠨ ᠳᠤ ᠤᠰᠤᠨ ᠠᠰᠢᠭᠯᠠᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠠᠩᠰᠠ ᠡᠪᠬᠡᠮᠡᠯ ᠤᠨ ᠠᠵᠢᠯᠲᠠᠳ ᠤᠨ ᠦᠵᠡᠯ ᠰᠠᠨᠠᠭᠠᠨ  ᠤ ᠲᠠᠨᠢᠯᠲᠠ ᠶᠢ ᠴᠢᠩᠭᠠᠳᠬᠠᠵᠤ᠂ ︽ᠨᠠᠮ ᠤᠨ ᠲᠥᠯᠥᠭᠡ ᠲᠠᠩᠰᠠ ᠡᠪᠬᠡᠮᠡᠯ ᠢ ᠬᠠᠮᠢᠶᠠᠷᠬᠤ᠂ ᠤᠯᠤᠰ ᠤᠨ ᠲᠥᠯᠥᠭᠡ ᠲᠡᠦᠬᠡ ᠶᠢ ᠰᠠᠬᠢᠬᠤ᠂ ᠠᠷᠠᠳ ᠲᠦᠮᠡᠨ ᠤ ᠲᠦᠯᠦᠭᠡ ᠦᠢᠯᠡᠴᠢᠯᠡᠬᠦ︾ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠪᠠᠲᠤᠳᠬᠠᠭᠰᠠᠨ ᠢᠶᠠᠷ ᠪᠠᠷᠠᠬᠤ ᠦᠭᠡᠢ ᠪᠠᠰᠠ ᠡᠯ᠎ᠡ ᠨᠢᠭᠡᠴᠢ ᠶᠢᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠬᠦᠴᠦᠲᠡᠢ ᠠᠬᠢᠭᠤᠯᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠴᠤᠭ ᠰᠦᠯᠳᠡ ᠶᠢ ᠨᠢ ᠬᠥᠭᠵᠢᠭᠡᠨ ᠪᠠᠳᠠᠷᠠᠭᠤᠯᠵᠤ᠂ ᠤᠰᠤᠨ ᠠᠰᠢᠭᠯᠠᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠰᠢᠨ᠎ᠡ ᠳᠡᠭᠲᠡᠷ ᠰᠢᠨ᠎ᠡ ᠬᠢᠷᠢ ᠲᠦᠪᠰᠢᠨ ᠳᠤ ᠬᠦᠷᠬᠦ ᠶᠢ ᠴᠢᠷᠮᠠᠶᠢᠨ ᠠᠬᠢᠭᠤᠯᠤᠭᠰᠠᠨ ᠪᠠᠶᠢᠨ᠎ᠠ᠃  ︵ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠡᠬᠡ ᠪᠢᠴᠢᠭ ᠬᠠᠩᠭᠠᠪᠠ︶  
 
ᠢᠷᠡᠯᠲᠡ᠄ ᠦᠪᠤᠷ ᠮᠤᠩᠭᠤᠯ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号