ᠪᠦᠬᠦ ᠣᠷᠣᠨ ᠤ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/5/12
  5 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠣᠷᠣᠨ ᠤ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃  ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ︽ ᠠᠩᠬᠠᠷᠤᠨ ᠰᠠᠨᠠᠭᠠᠰᠢᠷᠠᠬᠤ ︾ ᠬᠠᠷᠢᠭᠤᠴᠠᠯᠭᠠᠲᠤ ᠰᠡᠳᠬᠢᠯᠭᠡ ᠪᠠᠷ ︽ᠬᠦᠨᠳᠦ ᠶᠡᠭᠡ ᠳᠠᠯᠳᠠ ᠭᠡᠮ ︾ ᠢ ᠲᠣᠪᠤᠶᠢᠯᠭᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠣᠪᠤᠶᠢᠯᠭᠠᠨ ᠪᠥᠬᠦ ᠠᠵᠢᠯᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ︽ ᠤᠷᠢᠳ ᠢᠶᠠᠷ ᠶᠣᠰᠣ ᠪᠠᠷ ᠵᠠᠰᠠᠵᠤ ᠳᠠᠷᠠᠭ᠎ᠠ ᠨᠢ ᠬᠦᠴᠦ ᠪᠠᠷ ᠵᠠᠰᠠᠬᠤ ︾ ᠶᠢ ᠲᠣᠪᠤᠶᠢᠯᠭᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠵᠦ᠂ ︽ᠲᠣᠭᠲᠠᠴᠠ ᠶᠢᠨ ᠰᠢᠨᠡᠴᠢᠯᠡᠯᠲᠡ ︾ ᠶᠢ ᠲᠣᠪᠤᠶᠢᠯᠭᠠᠨ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠪᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠣᠯᠠᠨ ᠭᠠᠷᠬᠤ ᠪᠠ ᠵᠠᠯᠭᠠᠯᠳᠤᠨ ᠭᠠᠷᠬᠤ ᠬᠠᠨᠳᠤᠰᠢ ᠶᠢ ᠡᠷᠡᠰ ᠬᠤᠷᠢᠭᠯᠠᠨ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号