ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 5 ᠳ᠋ᠤᠭᠠᠷ ᠰᠠᠷ᠎ᠠ ᠶᠢᠨ 4 ᠠᠴᠠ 10 ᠤ ᠡᠳᠦᠷ ᠪᠣᠯᠲᠠᠯ᠎ᠠ᠂ | ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠢ ᠢᠨᠵᠧᠨᠧᠷ ᠵᠦᠩ ᡁᠢ ᠢᠦᠢ ᠤᠰᠤᠨ ᠠᠰᠢᠭᠯᠠᠯᠲᠠ ᠶᠢᠨ ᠶᠠᠮᠤᠨ ᠤ | ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠬᠥᠬᠡᠮᠥ᠋ᠷᠡᠨ ᠤ ᠰᠠᠪᠠ ᠭᠠᠵᠠᠷ ᠤᠨ ᠤᠰᠤ ᠭᠠᠩ ᠤᠨ ᠭᠠᠮᠰᠢᠭ ᠢ | ᠰᠡᠷᠭᠡᠶᠢᠯᠡᠬᠦ ᠠᠵᠢᠯ ᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠬᠤᠪᠧᠶ᠂ ᠬᠤᠨᠠᠨ᠂ ᠵᠢᠶᠠᠩᠰᠢ | ᠮᠤᠵᠢ ᠶᠢᠨ ᠬᠥᠬᠡᠮᠥ᠋ᠷᠡᠨ᠂ ᠬᠠᠨᠵᠢᠶᠠᠩ᠂ ᠰᠢᠶᠠᠩ ᠵᠢᠶᠠᠩ᠂ ᠳ᠋ᠦᠩ ᠲᠢᠩ ᠬᠤ᠋ ᠨᠠᠭᠤᠷ᠂ ᠫᠦᠸᠧ ᠶᠠᠩ ᠬᠣ᠋ ᠨᠠᠭᠤᠷ | ᠵᠡᠷᠭᠡ ᠭᠤᠣᠯᠳᠠᠯᠭ᠎ᠠ ᠲᠠᠢ ᠬᠠᠰᠢᠯᠭ᠎ᠠ᠂ ᠤᠰᠤᠨ ᠴᠥᠭᠦᠷᠥᠮ᠂ ᠦᠶᠡᠷ ᠢ ᠲᠤᠭᠲᠠᠭᠠᠨ ᠬᠤᠷᠠᠭᠤᠯᠬᠤ ᠤᠷᠤᠨ᠂ | ᠤᠰᠤᠨ ᠬᠠᠭᠠᠯᠲᠠ᠂ ᠬᠥᠭᠡᠷᠭᠡ ᠶᠢᠨ ᠥᠷᠲᠡᠭᠡ᠂ ᠡᠳ᠋ ᠪᠣᠳᠠᠰ ᠨᠥᠭᠡᠴᠡᠯᠡᠬᠦ ᠴᠡᠭ᠂ ᠤᠰᠤᠨ ᠳᠤ ᠡᠪᠳᠡᠭᠳᠡᠭᠰᠡᠨ | ᠪᠠᠷᠢᠯᠭ᠎ᠠ ᠶᠢ ᠰᠡᠯᠪᠢᠨ ᠵᠠᠰᠠᠬᠤ ᠵᠡᠷᠭᠡ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠪᠣᠯᠤᠨ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ | ᠵᠢᠶᠠᠩᠰᠢ ᠮᠤᠵᠢ ᠶᠢᠨ ᠹᠧᠩ ᠴᠧᠩ ᠬᠤᠲᠠ ᠶᠢᠨ ᠬᠠᠰᠢᠯᠭ᠎ᠠ ᠶᠢᠨ ᠪᠢᠯᠬᠠᠵᠤ ᠰᠡᠲᠡᠷᠡᠵᠦ ᠪᠠᠶᠢᠭ᠎ᠠ ᠭᠠᠰᠢᠯᠭᠠ ᠶᠢᠨ | ᠪᠠᠶᠢᠳᠠᠯ ᠢ ᠪᠠᠶᠢᠴᠠᠭᠠᠨ ᠦᠵᠡᠵᠦ᠂ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠳᠠᠯᠳᠠ ᠭᠡᠮ ᠢ | ᠵᠢᠭᠰᠠᠭᠠᠨ ᠪᠠᠶᠢᠴᠠᠭᠠᠭᠰᠠᠨ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ᠂ ᠤᠰᠤᠨ ᠰᠢᠨᠵᠢᠯᠡᠭᠡᠨ ᠤ ᠬᠢᠨᠠᠨ | ᠬᠡᠮᠵᠢᠯᠲᠡ᠂ ᠡᠩᠨᠡᠭᠡᠨ ᠤ ᠪᠡᠯᠡᠳᠬᠡᠯ᠂ ᠡᠳ᠋ ᠪᠣᠳᠠᠰ ᠨᠥᠭᠡᠴᠡᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠬᠤᠯᠪᠣᠭᠳᠠᠯ ᠪᠦᠬᠦᠢ ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃ | ᠪᠠᠶᠢᠴᠠᠭᠠᠬᠤ ᠳᠤᠭᠤᠶᠢᠯᠠᠩ ᠠᠴᠠ ᠂ ᠬᠥᠬᠡᠮᠥ᠋ᠷᠡᠨ ᠤ ᠰᠠᠪᠠ ᠭᠠᠵᠠᠷ ᠪᠣᠯ ᠦᠶᠡᠷ ᠪᠠ ᠭᠠᠩ ᠬᠠᠭᠰᠠᠷᠠᠭᠠᠨ | ᠣᠯᠠᠨᠲᠠ ᠡᠭᠦᠰᠬᠦ ᠭᠠᠵᠠᠷ ᠣᠷᠣᠨ ᠮᠥᠨ᠂ ᠭᠠᠮᠰᠢᠭ ᠤᠨ ᠲᠥᠷᠥᠯ ᠵᠦᠢᠯ ᠣᠯᠠᠨ᠂ ᠬᠡᠪᠴᠢᠶ᠎ᠡ ᠥᠷᠭᠡᠨ᠂ | ᠰᠡᠷᠭᠡᠶᠢᠯᠡᠯᠲᠡ ᠶᠢᠨ ᠹᠷᠣᠨᠲ ᠤᠷᠲᠤ᠂ ᠡᠭᠦᠷᠭᠡ ᠬᠦᠨᠳᠦ ᠪᠠᠶᠢᠵᠤ᠂ ᠭᠠᠮᠰᠢᠭ ᠢ ᠰᠡᠷᠭᠡᠶᠢᠯᠡᠬᠦ ᠰᠢᠰᠲ᠋ᠧᠮ ᠳᠤ ᠪᠠᠰᠠ | ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠣᠳᠣᠬᠠᠨ ᠳᠤ ᠬᠥᠬᠡᠮᠦ᠋ᠷᠡᠨ ᠤ ᠰᠠᠪᠠ ᠭᠠᠵᠠᠷ ᠲᠤ ᠨᠢᠭᠡᠨᠲᠡ ᠪᠦᠬᠦ | ᠲᠠᠯ᠎ᠠ ᠪᠠᠷ ᠦᠶᠡᠷ ᠤᠨ ᠬᠤᠭᠤᠴᠠᠭᠠᠨ ᠳᠤ ᠣᠷᠣᠵᠤ᠂ ᠬᠡᠰᠡᠭ ᠭᠠᠵᠠᠷ ᠣᠷᠣᠨ ᠳᠤ ᠣᠯᠠᠨ ᠤᠳᠠᠭᠠᠨ ᠤ ᠰᠢᠷᠦᠭᠦᠨ | ᠪᠣᠷᠣᠭᠠᠨ ᠣᠷᠣᠵᠤ᠂ ᠵᠠᠷᠢᠮ ᠳᠤᠮᠳᠠ ᠵᠢᠵᠢᠭ ᠭᠤᠣᠯ ᠮᠥᠷᠡᠨ ᠠᠴᠠ ᠳᠡᠭᠡᠭᠰᠢ ᠦᠶᠡᠷ ᠤᠨ ᠭᠠᠮᠰᠢᠭ ᠭᠠᠷᠴᠤ᠂ | ᠬᠡᠰᠡᠭ ᠭᠠᠵᠠᠷ ᠲᠤ ᠦᠶᠡᠷ ᠤᠰᠤᠲᠤᠯ ᠤᠨ ᠭᠠᠮᠰᠢᠭ ᠭᠠᠷᠴᠠᠢ᠃ ᠡᠨᠡ ᠵᠢᠯ ᠤᠨ ᠭᠠᠩ ᠤᠰᠤᠲᠤᠯ ᠢ ᠵᠡᠷᠭᠡ ᠪᠠᠷ | ᠴᠢᠬᠤᠯᠠᠴᠢᠯᠠᠵᠤ᠂ ᠴᠠᠭ ᠠᠭᠤᠷ ᠤᠰᠤᠨ ᠤ ᠵᠢᠯ ᠤᠨ ᠥᠩᠭᠡ ᠦᠵᠡᠮᠵᠢ ᠲᠡᠶᠢᠮᠦ ᠰᠠᠶᠢᠨ ᠪᠢᠰᠢ ᠪᠠᠶᠢᠬᠤ ᠶᠢ | ᠤᠷᠢᠳᠴᠢᠯᠠᠨ ᠵᠢᠱᠢᠵᠦ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠳᠤ ᠦᠳᠲᠡᠷ | ᠲᠦᠷᠭᠡᠨ ᠣᠷᠣᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠬᠠᠭᠰᠠᠷᠠᠭᠠᠨ ᠢ ᠡᠰᠡᠷᠭᠦᠴᠡᠬᠦ᠂ ᠶᠡᠭᠡ ᠠᠶᠤᠯ ᠠᠴᠠ | ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯ ᠤᠨ ᠶᠡᠭᠡ ᠰᠡᠳᠬᠢᠬᠦᠢ ᠶᠢ ᠪᠠᠲᠤ | ᠪᠠᠬᠢ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ | ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠨ | ᠭᠠᠷᠭᠠᠵᠠᠢ᠃ | ᠪᠠᠶᠢᠴᠠᠭᠠᠬᠤ ᠳᠤᠭᠤᠶᠢᠯᠠᠩ ᠠᠴᠠ ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢᠶᠠᠷ ᠭᠤᠣᠯ | ᠪᠣᠯᠭᠠᠭᠰᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢᠨ ᠳᠦᠷᠢᠮ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ | ᠬᠡᠷᠡᠭᠲᠡᠢ᠃ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠮ ᠬᠥᠭᠦᠷᠭᠡ ᠶᠢᠨ ᠬᠤᠭᠤᠯᠠᠢ ᠰᠣᠯᠪᠢᠴᠠᠭᠰᠠᠨ ᠬᠡᠰᠡᠭ ᠤᠨ ᠬᠠᠰᠢᠯᠭ᠎ᠠ | ᠵᠢᠴᠢ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠠᠶᠤᠯ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠠᠵᠢᠯ ᠢ ᠱᠠᠯᠠᠪᠳᠠᠨ ᠥᠷᠨᠢᠭᠦᠯᠵᠦ᠂ ᠭᠠᠮᠰᠢᠭ ᠲᠤ ᠡᠪᠳᠡᠭᠳᠡᠭᠰᠡᠨ ᠤᠰᠤᠨ ᠠᠰᠢᠭᠯᠠᠯᠲᠠ ᠶᠢᠨ | ᠪᠠᠷᠢᠯᠭ᠎ᠠ ᠶᠢ ᠵᠠᠰᠠᠨ ᠰᠡᠷᠭᠦᠭᠡᠬᠦ ᠶᠢ ᠲᠦᠷᠭᠡᠳᠬᠡᠨ᠂ ᠴᠠᠭᠠᠨ ᠰᠢᠷᠭᠤᠯᠵᠢ ᠵᠡᠷᠭᠡ ᠬᠥᠨᠥᠭᠡᠯᠲᠦ ᠬᠠᠰᠢᠯᠭ᠎ᠠ ᠶᠢᠨ | ᠠᠮᠢᠲᠠᠨ ᠤ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠶᠤᠯ | ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ︽ᠳᠥᠷᠪᠡᠨ ᠤᠷᠢᠳᠴᠢᠯᠠᠬᠤ︾ ᠠᠷᠭ᠎ᠠ ᠬᠡᠮᠵᠢᠶ᠎ᠡ ᠶᠢ | ᠴᠢᠩᠭᠠᠳᠬᠠᠵᠤ᠂ ︽ᠳᠥᠷᠪᠡᠨ ᠪᠠᠶᠢᠳᠠᠯ︾ ᠤᠨ ᠰᠡᠷᠭᠡᠶᠢᠯᠡᠯᠲᠡ ᠶᠢ ᠨᠡᠪᠲᠡᠷᠡᠭᠦᠯᠵᠦ᠂ ︽ᠳᠥᠷᠪᠡᠨ ᠬᠡᠯᠬᠢᠶ᠎ᠡ︾ ᠶᠢ | ᠴᠢᠩᠭᠠᠯᠠᠵᠤ᠂ ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ ᠬᠥᠪᠡᠭᠡ ᠵᠠᠬ᠎ᠠ ᠳᠤ ᠨᠢ ᠬᠦᠷᠬᠦ | ᠰᠡᠷᠭᠡᠶᠢᠯᠡᠯᠲᠡ ᠶᠢᠨ ᠵᠢᠭᠰᠠᠭᠠᠯ ᠢ ᠪᠠᠶᠢᠭᠤᠯᠬᠤ ᠬᠡᠷᠡᠭᠲᠡᠢ᠃ ᠬᠡᠰᠡᠭ ᠭᠠᠵᠠᠷ ᠲᠤ ᠰᠢᠷᠦᠭᠦᠨ ᠪᠣᠷᠣᠭᠠᠨ | ᠤᠷᠤᠭᠰᠠᠨ ᠠᠴᠠ ᠪᠣᠯᠤᠭᠰᠠᠨ ᠳᠤᠮᠳᠠ ᠵᠢᠵᠢᠭ ᠭᠤᠣᠯ ᠮᠥᠷᠡᠨ ᠤ ᠦᠶᠡᠷ ᠤᠨ ᠤᠰᠤ ᠶᠢ ᠰᠡᠷᠭᠡᠶᠢᠯᠡᠵᠦ᠂ | ᠪᠠᠶᠢᠭᠤᠯᠵᠤ ᠪᠠᠶᠢᠭ᠎ᠠ ᠪᠠᠷᠢᠯᠭ᠎ᠠ ᠪᠣᠯᠤᠨ ᠵᠢᠵᠢᠭ ᠬᠡᠯᠪᠡᠷᠢ ᠶᠢᠨ ᠤᠰᠤᠨ ᠴᠥᠭᠦᠷᠥᠮ᠂ ᠠᠶᠤᠯ ᠭᠡᠮ ᠲᠠᠢ ᠤᠰᠤᠨ | ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠬᠤᠲᠠ ᠶᠢᠨ ᠦᠶᠡᠷ ᠢ | ᠰᠡᠷᠭᠡᠶᠢᠯᠡᠵᠦ ᠤᠰᠤᠲᠤᠯ ᠢ ᠵᠠᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠰᠠᠪᠠ ᠭᠠᠵᠠᠷ ᠢᠶᠠᠷ ᠨᠢᠭᠡᠴᠢ ᠪᠣᠯᠭᠠᠨ᠂ ᠤᠰᠤᠨ ᠤ | ᠪᠠᠷᠢᠯᠭ᠎ᠠ ᠶᠢ ᠨᠢᠭᠡᠳᠦᠯᠲᠡᠢ ᠲᠣᠬᠢᠷᠠᠭᠤᠯᠬᠤ ᠶᠢ ᠴᠢᠩᠭᠠᠷᠠᠭᠤᠯᠵᠤ᠂ ᠦᠶᠡᠷ ᠢ ᠰᠡᠷᠭᠡᠶᠢᠯᠡᠬᠦ ᠪᠠ ᠤᠰᠤ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠪᠣᠯᠤᠨ ᠬᠤᠲᠠ | ᠬᠥᠳᠡᠭᠡ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠪᠣᠯᠤᠨ ᠬᠥᠬᠡᠮᠥ᠋ᠷᠡᠨ ᠤ | ᠤᠰᠤᠨ ᠠᠰᠢᠭᠯᠠᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠯᠲᠠ ᠳᠤ ᠣᠷᠣᠯᠴᠠᠪᠠ᠃ | |