ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠭᠤᠤᠯ ᠨᠠᠭᠤᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠲᠥᠪ ᠵᠡᠷᠭᠡ ᠨᠢᠭᠡᠴᠢ ᠬᠠᠮᠲᠤᠷᠠᠨ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠴᠠᠭᠠᠨ ᠰᠤᠳᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/12
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠪᠠᠶᠢᠴᠠᠭᠠᠨ ᠰᠤᠳᠤᠯᠤᠯᠲᠠ ᠬᠢᠬᠦ ᠬᠡᠷᠡᠭᠵᠢᠭᠦᠯᠬᠦ ᠲᠥᠰᠦᠯ ᠲᠠᠢ ᠤᠶᠠᠯᠳᠤᠭᠤᠯᠤᠨ᠂ 5 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠬᠠᠮᠲᠤᠷᠠᠨ ᠬᠥᠬᠡᠬᠤᠲᠠ ᠶᠢᠨ ᠤᠰᠤᠨ ᠤ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠭᠤᠣᠯ ᠨᠠᠭᠤᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠲᠥᠪ᠂ ᠦᠴᠤᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ︽ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠴᠠᠭᠠᠨ ᠰᠤᠳᠤᠯᠤᠯᠲᠠ ᠬᠢᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
主题党日活动1.jpg
  ᠨᠠᠮ ᠤᠨ ᠭᠡᠰᠢᠭᠦᠨ ᠺᠠᠳ᠋ᠷᠴᠤᠳ ᠲᠡᠷᠭᠡᠨ ᠪᠠᠷ ᠡᠩ ᠲᠡᠷᠢᠭᠦᠨ ᠳᠤ ᠦᠴᠤᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠳᠤ ᠬᠦᠷᠴᠦ᠂ ᠲᠠᠶᠢᠯᠪᠤᠷᠢᠯᠠᠭᠴᠢ ᠶᠢ ᠳᠠᠭᠠᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠶᠠᠫᠣᠨ ᠢ ᠡᠰᠡᠷᠭᠦᠴᠡᠬᠦ ᠲᠡᠦᠬᠡ ᠶᠢ ᠨᠠᠷᠢᠨ ᠬᠢᠨᠠᠮᠠᠭᠠᠢ ᠰᠣᠨᠣᠰᠴᠤ᠂ ᠳᠤᠷᠠᠰᠬᠠᠯ ᠤᠨ ᠣᠷᠳᠣᠨ ᠳᠤ ᠦᠯᠡᠳᠡᠭᠡᠭᠰᠡᠨ ᠲᠡᠦᠬᠡ ᠶᠢᠨ ᠭᠡᠷᠡᠯ ᠵᠢᠷᠤᠭ᠂ ᠦᠷᠡᠭᠳᠡᠭᠰᠡᠨ ᠪᠠᠭᠠᠲᠤᠷᠴᠤᠳ ᠤᠨ ᠦᠯᠡᠳᠡᠭᠳᠡᠯ ᠢ ᠲᠣᠭᠤᠷᠢᠨ ᠦᠵᠡᠵᠦ᠂ ᠰᠠᠭᠤᠷᠢᠨ ᠭᠠᠵᠠᠷ ᠤᠨ ᠶᠠᠫᠣᠨ ᠢ ᠡᠰᠡᠷᠭᠦᠴᠡᠬᠦ ᠴᠡᠷᠢᠭ ᠠᠷᠠᠳ ᠤᠨ ᠪᠡᠷᠬᠡ ᠬᠠᠲᠠᠭᠤᠵᠢᠯᠲᠠᠢ ᠶᠠᠫᠣᠨ ᠢ ᠡᠰᠡᠷᠭᠦᠴᠡᠬᠦ ᠲᠠᠶᠢᠨ ᠤ ᠥᠩᠭᠡᠷᠡᠯᠲᠡ ᠵᠢᠴᠢ ᠨᠤᠭᠤᠷᠠᠰᠢ ᠦᠭᠡᠢ ᠶᠠᠫᠣᠨ ᠢ ᠡᠰᠡᠷᠭᠦᠴᠡᠬᠦ ᠲᠠᠶᠢᠨ ᠤ ᠲᠡᠦᠬᠡ ᠶᠢ ᠭᠦᠨᠵᠡᠭᠡᠢ ᠣᠶᠢᠯᠠᠭᠠᠪᠠ᠃ ᠪᠦᠬᠦ ᠨᠠᠮ ᠤᠨ ᠭᠡᠰᠢᠭᠦᠳ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠤ ᠶᠡᠭᠡ ᠲᠢᠩᠬᠢᠮ ᠤᠨ ᠮᠠᠤ ᠲᠡᠷᠢᠭᠦᠯᠡᠭᠴᠢ ᠨᠠᠷ ᠤᠨ ᠪᠢᠴᠢᠭᠡᠰᠦ  ᠶᠢᠨ ᠡᠮᠦᠨ᠎ᠡ᠂ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ ᠡᠷᠭᠦᠵᠦ᠂ ᠨᠠᠮ ᠳᠤ ᠳᠠᠬᠢᠨᠲᠠ ᠲᠥᠪ ᠴᠢᠩᠭ᠎ᠠ ᠪᠠᠷ ᠲᠠᠩᠭᠠᠷᠢᠭᠯᠠᠪᠠ᠃ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠨ᠂ ᠪᠦᠬᠦ ᠨᠠᠮ ᠤᠨ ᠭᠡᠰᠢᠭᠦᠨ ᠺᠠᠳ᠋ᠷ ᠤᠨ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠵᠡᠷᠭᠡ ᠲᠠᠯ᠎ᠠ ᠪᠠᠷ ᠭᠦᠨᠵᠡᠭᠡᠢ ᠪᠣᠳᠣᠯᠬᠢᠯᠠᠬᠤ ᠶᠢ ᠠᠬᠢᠭᠤᠯᠵᠤ᠂ ᠪᠠᠰᠠ ᠨᠠᠮ ᠤᠨ ᠭᠡᠰᠢᠭᠦᠨ ᠺᠠᠳ᠋ᠷᠴᠤᠳ ᠤᠨ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠤᠬᠠᠢ ᠣᠶᠢᠯᠠᠭᠠᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠡᠢ᠃
主题党日活动2.jpg
  ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷ ᠪᠠᠰᠠ ᠦᠴᠤᠸᠠᠨ ᠰᠢᠶᠠᠨ ᠤ ᠸᠠᠨ ᠲᠤ ᠾᠧ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠤ ᠬᠢᠨᠠᠯᠲᠠ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠨ᠎ᠡ ᠬᠠᠩᠰᠢ ᠶᠢᠨ ᠲᠣᠭᠤᠷᠢᠨ ᠳᠤ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠪᠠᠷᠢᠯᠭ᠎ᠠ ᠪᠠᠷᠢᠬᠤ ᠨᠢᠭᠡᠴᠢ ᠠᠴᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠦᠴᠤᠸᠠᠨ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠦᠷᠴᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠷᠤᠳᠠᠯ ᠵᠢᠴᠢ ᠨᠥᠬᠦᠪᠥᠷᠢ ᠨᠣᠷᠮ᠎ᠠ ᠲᠣᠭᠲᠠᠭᠠᠬᠤ ᠬᠠᠮᠢᠶ᠎ᠠ ᠪᠥᠬᠦᠶ ᠠᠵᠢᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃ ᠬᠤᠷᠠᠯ ᠳᠡᠭᠡᠷ᠎ᠡ᠂ ᠮᠠᠨ ᠤ ᠲᠥᠪ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠷᠤᠳᠠᠯ᠂ ᠳᠠᠭᠠᠭᠠᠴᠢᠯᠠᠯᠲᠠ ᠵᠠᠷᠯᠠᠬᠤ ᠲᠤᠬᠠᠶᠢᠯᠠᠭᠰᠠᠨ ᠠᠵᠢᠯ ᠤᠨ ᠵᠠᠷᠤᠳᠠᠯ᠂ ᠮᠡᠷᠭᠡᠵᠢᠯ ᠤᠨ ᠠᠵᠤ ᠠᠬᠤᠶ ᠶᠢᠨ ᠯᠠᠪᠯᠠᠯᠲᠠ ᠶᠢᠨ ᠵᠠᠷᠤᠳᠠᠯ᠂ ᠪᠠᠶᠢᠴᠠᠭᠠᠨ ᠬᠡᠮᠵᠢᠬᠦ ᠵᠠᠷᠤᠳᠠᠯ ᠵᠡᠷᠭᠡ ᠢ ᠬᠡᠷᠡᠭᠯᠡᠭᠰᠡᠨ ᠪᠠᠶᠢᠳᠠᠯ ᠵᠢᠴᠢ ᠪᠠᠶᠢᠭᠤᠯᠵᠤ ᠪᠠᠶᠢᠭ᠎ᠠ ᠠᠮᠤᠷ ᠲᠦᠪᠰᠢᠨ ᠤ ᠪᠠᠷᠢᠯᠭ᠎ᠠ ᠶᠢᠨ ᠪᠠᠯᠠ ᠣᠷᠣᠭᠤᠯᠤᠯᠲᠠ ᠳᠠᠬᠢ ᠡᠵᠡᠯᠡᠬᠦ ᠬᠠᠷᠢᠴᠠᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠡᠰᠡᠭ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠴᠤᠭᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠦᠢᠮᠣ ︵ ᠵᠢᠱᠢᠬᠦ︶ ᠪᠤᠳᠤᠵᠤ ᠨᠠᠶᠢᠷᠠᠭᠤᠯᠤᠨ ᠵᠣᠬᠢᠶᠠᠬᠤ ᠲᠣᠭᠲᠠᠭᠠᠯ︾ ᠤᠨ ᠪᠡᠶ᠎ᠡ ᠪᠠᠨ ᠳᠠᠭᠠᠭᠠᠭᠰᠠᠨ ᠵᠠᠷᠤᠳᠠᠯ ᠤᠨ ᠲᠤᠭ᠎ᠠ ᠪᠠᠷᠢᠮᠲᠠ ᠴᠤᠭᠯᠠᠭᠤᠯᠬᠤ᠂ ᠨᠥᠬᠦᠪᠥᠷᠢ ᠨᠣᠷᠮ᠎ᠠ ᠲᠣᠭᠲᠠᠭᠠᠬᠤ ᠭᠠᠷᠴᠠᠭ ᠢ ᠨᠡᠮᠡᠭᠳᠡᠭᠦᠯᠬᠦ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠦᠢᠯᠡᠴᠢᠯᠡᠭᠡ ᠶᠢ ᠰᠠᠶᠢᠲᠤᠷ ᠬᠢᠬᠦ ᠵᠡᠷᠭᠡ ᠳᠤ ᠳᠡᠮᠵᠢᠯᠭᠡ ᠬᠠᠩᠭᠠᠭᠰᠠᠨ ᠪᠠᠶᠢᠨ᠎ᠠ᠃ 
主题党日活动3.jpg
    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠥᠬᠡᠢ ᠶᠢᠨ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ    2023 ᠣᠨ ᠤ 5 ᠳ᠋ᠤᠭᠠᠷ ᠰᠠᠷ᠎ᠠ ᠶᠢᠨ 12 ᠤᠨ ᠡᠳᠦᠷ 
 
ᠢᠷᠡᠯᠲᠡ᠄ ᠦᠪᠤᠷ ᠮᠣᠩᠭᠤᠯ ᠤᠨ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号