ᠤᠰᠤᠨ ᠠᠰᠢᠭᠯᠠᠯᠲᠠ ᠶᠢᠨ ᠶᠠᠮᠤᠨ ᠲᠠᠢ ᠬᠤ᠋ ᠨᠠᠭᠤᠷ ᠤᠨ ᠰᠠᠪᠠ ᠭᠠᠵᠠᠷ ᠤᠨ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠡᠯᠡᠳᠬᠡᠯ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/5/13
  ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 5 ᠳ᠋ᠤᠭᠠᠷ ᠰᠠᠷ᠎ᠠ ᠶᠢᠨ 7 ᠤ ᠡᠳᠦᠷ ᠠᠴᠠ 10 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠶ ᠫᠢᠩ ᠳᠤᠭᠤᠶᠢᠯᠠᠩ ᠳᠠᠭᠠᠭᠤᠯᠤᠨ ᠲᠠᠢ ᠬᠤ᠋ ᠨᠠᠭᠤᠷ ᠤᠨ ᠰᠠᠪᠠ ᠭᠠᠵᠠᠷ ᠤᠨ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠡᠯᠡᠳᠬᠡᠯ ᠠᠵᠢᠯ ᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠱᠠᠩᠬᠠᠶ᠂ ᠵᠢᠶᠠᠩᠰᠦ᠂ ᠵᠧᠵᠢᠶᠠᠩ ᠵᠡᠷᠭᠡ ᠮᠤᠵᠢ ᠬᠤᠲᠠ ᠳᠤ ᠬᠦᠷᠴᠦ  ᠲᠠᠢ ᠬᠤ᠋ ᠨᠠᠭᠤᠷ ᠤᠨ ᠰᠠᠪᠠ ᠭᠠᠵᠠᠷ ᠤᠨ ᠴᠢᠬᠤᠯᠠ ᠬᠠᠭᠠᠯᠲᠠ ᠶᠢᠨ ᠬᠥᠭᠡᠷᠭᠡ᠂ ᠬᠠᠰᠢᠯᠭ᠎ᠠ᠂ ᠤᠰᠤᠨ ᠴᠥᠭᠦᠷᠥᠮ᠂ ᠦᠶᠡᠷ ᠢ ᠲᠣᠭᠲᠠᠭᠠᠨ ᠬᠠᠳᠠᠭᠠᠯᠠᠬᠤ ᠵᠢᠴᠢ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ ᠦᠶᠡᠷ ᠢ ᠰᠡᠷᠭᠡᠶᠢᠯᠡᠬᠦ ᠪᠡᠯᠡᠳᠬᠡᠯ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠵᠤ᠂ ᠬᠤᠶᠠᠷ ᠮᠤᠵᠢ ᠨᠢᠭᠡ ᠬᠤᠲᠠ ᠶᠢᠨ ᠵᠠᠰᠠᠭ ᠤᠨ ᠣᠷᠳᠣᠨ ᠪᠠ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠰᠣᠯᠢᠯᠴᠠᠪᠠ᠃  ᠵᠢᠱᠢᠯᠲᠡ ᠪᠠᠷ᠂ ᠡᠨᠡ ᠵᠢᠯ ᠤᠨ ᠲᠠᠶᠢᠹᠤᠩ ᠰᠠᠯᠬᠢᠨ ᠤ ᠵᠠᠮ ᠪᠠᠷᠠᠭᠤᠨᠰᠢ ᠪᠠᠨ ᠶᠠᠪᠤᠬᠤ ᠪᠠ ᠪᠠᠷᠠᠭᠤᠨ ᠬᠤᠶᠢᠰᠢ ᠪᠠᠨ ᠶᠠᠪᠤᠬᠤ ᠪᠠᠷ ᠭᠤᠤᠯ ᠪᠣᠯᠭᠠᠵᠤ᠂ ᠭᠤᠤᠯᠳᠠᠭᠤ ᠡᠮᠦᠨᠡᠲᠦ ᠣᠷᠣᠨ ᠪᠠ ᠳᠣᠷᠣᠨᠠᠲᠤ ᠣᠷᠣᠨ ᠤ ᠲᠡᠯᠡᠶ ᠳᠠᠭᠠᠤ ᠶᠢ ᠨᠥᠯᠥᠭᠡᠯᠡᠵᠦ᠂ ᠤᠮᠠᠷᠠᠰᠢ ᠶᠡᠭᠡ ᠨᠥᠯᠥᠭᠡ ᠲᠠᠢ ᠪᠠᠶᠢᠵᠤ᠂ ᠲᠠᠶᠢᠹᠤᠩ ᠰᠠᠯᠬᠢᠨ ᠤ ᠨᠥᠯᠥᠭᠡ ᠨᠢ ᠢᠯᠡᠷᠬᠡᠶ ᠪᠠᠶᠢᠵᠤ᠂ ᠲᠠᠶᠢᠹᠤᠩ ᠰᠠᠯᠬᠢᠨ ᠤ ᠪᠠᠷᠠᠭᠤᠨ ᠬᠤᠶᠢᠲᠤ ᠣᠷᠣᠨ ᠢᠶᠠᠷ ᠲᠠᠢ ᠬᠤ᠋ ᠨᠠᠭᠤᠷ ᠤᠨ ᠰᠠᠪᠠ ᠭᠠᠵᠠᠷ ᠲᠤ ᠰᠠᠭᠠᠲᠠᠭᠰᠠᠨ ᠦᠭᠡᠢ︔ ᠭᠤᠤᠯ ᠦᠶᠡᠷ ᠤᠨ ᠬᠤᠭᠤᠴᠠᠭᠠᠨ ᠤ ᠲᠠᠢ ᠬᠤ᠋ ᠨᠠᠭᠤᠷ ᠤᠨ ᠰᠠᠪᠠ ᠭᠠᠵᠠᠷ ᠲᠤ ᠴᠤ ᠬᠤᠷ᠎ᠠ ᠪᠣᠷᠣᠭᠠᠨ ᠪᠠᠭ᠎ᠠ ᠪᠠᠶᠢᠵᠤ᠂ ᠭᠠᠩ ᠬᠠᠭᠰᠠᠷᠠᠭᠠᠨ ᠤᠰᠤ ᠳᠤᠲᠠᠬᠤ ᠪᠠᠶᠢᠳᠠᠯ ᠭᠠᠷᠴᠤ ᠮᠡᠳᠡᠨ᠎ᠡ᠃ ᠡᠭᠦᠨ ᠤ ᠬᠠᠮᠲᠤ ᠲᠠᠢ ᠬᠤ᠋ ᠨᠠᠭᠤᠷ ᠤᠨ ᠰᠠᠪᠠ ᠭᠠᠵᠠᠷ ᠤᠨ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠨᠢ ᠮᠥᠨ ᠯᠡ ᠪᠠᠭᠤᠷᠠᠶ ᠲᠠᠯ᠎ᠠ ᠣᠷᠣᠰᠢᠵᠤ᠂ ᠰᠠᠪᠠ ᠭᠠᠵᠠᠷ ᠤᠨ ᠦᠶᠡᠷ᠂ ᠤᠰᠤᠲᠤᠯ᠂ ᠭᠠᠩ ᠬᠠᠭᠰᠠᠷᠠᠭᠠᠨ᠂ ᠵᠠᠮᠠᠭ ᠵᠡᠷᠭᠡ ᠣᠯᠠᠨ ᠵᠦᠢᠯ ᠤᠨ ᠭᠠᠮᠰᠢᠭ ᠢ ᠰᠡᠷᠭᠡᠶᠢᠯᠡᠬᠦ ᠳᠤ ᠬᠦᠴᠢᠷᠲᠡᠶ ᠪᠠᠶᠢᠨ᠎ᠠ᠃  ᠪᠠᠶᠢᠴᠠᠭᠠᠬᠤ ᠳᠤᠭᠤᠶᠢᠯᠠᠩ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠬᠥᠮᠦᠨ ᠬᠠᠷ᠎ᠠ ᠦᠬᠦᠵᠦ ᠰᠢᠷᠬᠠᠲᠤᠬᠤ ᠦᠭᠡᠢ᠂ ᠤᠰᠤᠨ ᠴᠥᠭᠦᠷᠥᠮ ᠢ ᠡᠪᠳᠡᠬᠦ ᠦᠭᠡᠢ᠂ ᠴᠢᠬᠤᠯᠠ ᠬᠠᠰᠢᠯᠭ᠎ᠠ ᠶᠢ ᠡᠪᠳᠡᠬᠦ ᠦᠭᠡᠢ᠂ ᠴᠢᠬᠤᠯᠠ ᠰᠠᠭᠤᠷᠢ ᠲᠥᠬᠦᠭᠡᠷᠦᠮᠵᠢ ᠶᠢ ᠡᠪᠳᠡᠬᠦ ᠦᠭᠡᠢ︾ ᠪᠠ ᠬᠤᠳᠠ ᠬᠥᠳᠡᠭᠡ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ ᠬᠠᠷᠠᠯᠲᠠ ᠶᠢ ᠲᠣᠭᠲᠠᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠢᠨᠵᠧᠨᠧᠷᠢᠩ ᠪᠣᠯᠤᠨ ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠤᠰᠤᠲᠤᠯ ᠢ ᠲᠠᠲᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃  ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠵᠦᠢᠯ ᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠯᠡᠨ ᠰᠠᠶᠢᠲᠤᠷ ᠬᠢᠵᠦ᠂ ᠬᠦᠨᠳᠦ ᠶᠡᠭᠡ ᠦᠶᠡᠷ ᠤᠰᠤᠲᠤᠯ ᠭᠠᠩ ᠬᠠᠭᠰᠠᠷᠠᠭᠠᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃ ᠪᠣᠭᠤᠮᠲᠠ ᠶᠢ ᠤᠷᠤᠭᠰᠢ ᠰᠢᠯᠵᠢᠭᠦᠯᠬᠦ ᠶᠢ ᠴᠢᠩᠭᠠᠳᠬᠠᠵᠤ᠂ ︽ᠳᠥᠷᠪᠡᠨ ᠤᠷᠢᠳᠴᠢᠯᠠᠬᠤ︾ ᠠᠵᠢᠯ ᠢ ᠰᠠᠶᠢᠲᠤᠷ ᠬᠢᠵᠦ᠂ ᠲᠣᠭᠠᠴᠢᠯᠠᠭᠰᠠᠨ ᠢᠬᠡᠷ᠎ᠡ ᠨᠠᠭᠤᠷ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠣᠯᠠᠨ ᠬᠠᠷᠠᠯᠲᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠦᠨᠡᠨᠬᠦ ᠴᠢᠩᠭᠠᠳᠬᠠᠵᠤ᠂ ᠰᠢᠨ᠎ᠡ ᠪᠠᠷ ᠴᠣᠬᠤᠯᠠᠪᠤᠷᠢᠯᠠᠭᠰᠠᠨ ︽ ᠲᠠᠢ ᠬᠤ᠋ ᠨᠠᠭᠤᠷ ᠤᠨ ᠰᠠᠪᠠ ᠭᠠᠵᠠᠷ ᠤᠨ ᠦᠶᠡᠷ ᠬᠢᠭᠡᠳ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ︾ ᠢ ᠦᠨᠳᠦᠰᠦᠯᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠨᠠᠷᠢᠯᠢᠭ ᠲᠣᠬᠢᠷᠠᠭᠤᠯᠬᠤ ᠬᠡᠷᠡᠭᠲᠡᠶ᠃ ᠤᠰᠤᠨ ᠴᠥᠭᠦᠷᠥᠮ᠂ ᠬᠤᠲᠠ ᠶᠢᠨ ᠦᠶᠡᠷ ᠢ ᠰᠡᠷᠭᠡᠶᠢᠯᠡᠬᠦ᠂ ᠪᠠᠶᠢᠭᠤᠯᠵᠤ ᠪᠠᠶᠢᠭ᠎ᠠ ᠪᠠᠷᠢᠯᠭ᠎ᠠ᠂ ᠠᠭᠤᠯᠠᠨ ᠦᠶᠡᠷ ᠤᠨ ᠭᠠᠮᠰᠢᠭ᠂ ᠬᠤᠲᠠ ᠬᠥᠳᠡᠭᠡ ᠶᠢᠨ ᠤᠰᠤ ᠬᠠᠩᠭᠠᠬᠤ ᠵᠡᠷᠭᠡ ᠤᠰᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠪᠠᠶᠢᠴᠠᠭᠠᠨ ᠵᠢᠯᠣᠭᠤᠳᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠭᠠᠵᠠᠷ ᠣᠷᠣᠨ ᠢ ᠰᠢᠮᠳᠠᠭᠤᠯᠵᠤ ᠪᠠᠶᠢᠭᠠᠳ ᠬᠥᠬᠡ ᠵᠠᠮᠠᠭ ᠤᠨ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠠᠢ ᠬᠤ᠋ ᠨᠠᠭᠤᠷ ᠤᠨ ᠬᠥᠬᠡ ᠵᠠᠮᠠᠭ ᠶᠡᠭᠡ ᠬᠡᠪᠴᠢᠶ᠎ᠡ ᠪᠠᠷ ᠭᠡᠨᠡᠳᠲᠡ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠤᠨ ᠡᠴᠦᠰ ᠠᠴᠠ ᠡᠮᠦᠨ᠎ᠡ ᠨᠠᠭᠤᠷ ᠢ ᠲᠣᠭᠤᠷᠢᠭᠰᠠᠨ ᠶᠡᠭᠡ ᠬᠠᠰᠢᠯᠭ᠎ᠠ ᠶᠢᠨ ᠵᠠᠯᠭᠠᠮᠵᠢ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠠᠢ ᠫᠦ᠋ ᠾᠧ ᠭᠤᠣᠯ ᠢ ᠥᠷᠭᠡᠳᠬᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠬᠡᠨ ᠪᠣᠳᠠᠲᠠᠢ ᠠᠬᠢᠴᠠ ᠲᠠᠢ ᠪᠣᠯᠭᠠᠬᠤ ᠬᠡᠷᠡᠭᠲᠡᠢ᠃  ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠨᠢᠭᠡᠴᠢ ᠪᠠ ᠤᠰᠤᠨ ᠠᠰᠢᠭᠯᠠᠯᠲᠠ ᠶᠢᠨ ᠶᠠᠮᠤᠨ ᠤ  ᠲᠠᠢ ᠬᠤ᠋ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠶᠢᠴᠠᠭᠠᠯᠲᠠ ᠳᠤ ᠤᠷᠤᠯᠴᠠᠪᠠ᠃     
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号