ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠦᠨ ᠱᠤᠤ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/5/14
  5 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 4 ᠳ᠋ᠦ᠋ᠭᠡᠷ ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠳᠡᠭᠡᠷ᠎ᠡ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃  ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠪᠣᠯᠤᠨ ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ︽ᠶᠡᠭᠡ︾ ᠶᠢ ᠲᠠᠲᠠᠬᠤ ᠶᠢ ᠴᠢᠬᠤᠯᠠᠴᠢᠯᠠᠬᠤ ᠮᠥᠷᠲᠡᠭᠡᠨ ᠪᠠᠰᠠ ︽ᠪᠠᠭ᠎ᠠ︾ ᠶᠢ ᠲᠠᠲᠠᠬᠤ ᠶᠢ ᠴᠢᠬᠤᠯᠠᠴᠢᠯᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠦᠪᠰᠢᠨ ᠢ ᠶᠡᠭᠡ ᠬᠦᠴᠦ ᠣᠷᠣᠭᠤᠯᠤᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠷᠭ᠎ᠠ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠤᠳᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠪᠣᠯᠤᠨ ᠬᠤᠳᠠ ᠶᠢᠨ ᠲᠥᠪᠯᠡᠷᠡᠩᠭᠦᠢ ᠳᠤᠯᠠᠭᠠᠯᠠᠭ᠎ᠠ ᠬᠠᠩᠭᠠᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠵᠠᠰᠠᠭ ᠤᠨ ᠣᠷᠳᠣᠨ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠤ ᠵᠣᠭᠤᠰ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠡᠬᠡᠬᠡᠯᠳᠡ ᠬᠢᠬᠦ ᠶᠢ ᠲᠠᠰᠤᠷᠠᠯᠲᠠ ᠦᠭᠡᠢ ᠥᠷᠭᠡᠳᠬᠡᠵᠦ᠂ ᠭᠤᠣᠯᠳᠠᠯᠭ᠎ᠠ ᠲᠠᠢ ᠨᠡᠬᠡᠬᠡᠯᠳᠡ ᠬᠢᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠯᠠᠢ ᠳᠠᠭᠠᠤ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠬᠤ ᠬᠡᠷᠡᠭᠲᠡᠢ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠳᠡᠭᠡᠳᠦ ᠰᠢᠨ᠎ᠡ ᠮᠡᠷᠭᠡᠵᠢᠯ ᠪᠣᠯᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠬᠦ ᠶᠢ ᠪᠠᠷᠢᠮᠲᠠᠯᠠᠵᠤ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠵᠢᠭᠤᠯᠴᠢᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠬᠥᠮᠦᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠥᠮᠦᠨ ᠠᠮᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠬᠥᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃  ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠣᠳᠣᠬᠢᠴᠢᠯᠠᠭᠰᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ︽ᠪᠢᠴᠢᠯ ᠴᠢᠰᠤᠨ ᠰᠤᠳᠠᠯ︾ ᠢ ᠰᠠᠭᠠᠳ ᠦᠭᠡᠢ ᠨᠡᠪᠲᠡᠷᠡᠭᠦᠯᠬᠦ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠭᠠᠵᠠᠷ ᠳᠣᠣᠷᠠᠬᠢ ᠣᠷᠣᠨ ᠵᠠᠢ ᠶᠢ ᠭᠦᠢᠴᠡᠳ ᠠᠰᠢᠭᠯᠠᠬᠤ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃  ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠰᠤᠳᠤᠯᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠨᠡ ᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ᠂ ᠬᠥᠮᠦᠵᠢᠭᠦᠯᠦᠨ ᠪᠣᠯᠪᠠᠰᠤᠷᠠᠭᠤᠯᠬᠤ ᠪᠠ ᠰᠤᠳᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ︽ᠠᠷᠪᠠᠨ ᠬᠤᠶᠠᠷ ᠡᠷᠬᠡᠪᠰᠢ︾ ᠶᠢᠨ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠭᠤᠯᠤᠨ ᠡᠵᠡᠮᠰᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠣᠯᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃  ᠬᠤᠷᠠᠯ ᠠᠴᠠ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︿ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢᠨ ᠵᠢᠷᠭᠤᠭᠠᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠲᠠᠯ᠎ᠠ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠬᠠᠮᠵᠢᠯᠴᠠᠬᠤ ᠬᠡᠷᠡᠭ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠨᠡᠩ ᠤᠯᠠᠨ ᠳᠡᠮᠵᠢᠯᠭᠡ ᠪᠠ ᠬᠠᠪᠰᠤᠷᠤᠯᠭ᠎ᠠ ᠶᠢ ᠤᠯᠬᠤ ᠪᠠᠷ ᠢᠳᠡᠪᠬᠢᠲᠡᠢ ᠴᠢᠷᠮᠠᠶᠢᠬᠤ ᠬᠡᠷᠡᠭᠲᠡᠢ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号