ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ︽ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ | ᠴᠢᠨᠠᠷ ᠤᠨ ᠬᠠᠮᠢᠶᠠᠷᠤᠯᠲᠠ ᠶᠢᠨ ᠲᠣᠭᠲᠠᠭᠠᠯ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 52 ᠳ᠋ᠤᠭᠠᠷ | ᠲᠣᠭᠠᠲᠤ᠂ ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠪᠡ᠃ ᠣᠳᠤ ︽ | ᠲᠣᠭᠲᠠᠭᠠᠯ︾ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ︽ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ︖ | ᠤᠰᠤᠨ ᠠᠰᠢᠭᠯᠠᠯᠲᠠ ᠶᠢᠨ ᠪᠠᠷᠢᠯᠭ᠎ᠠ ᠨᠢ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ | ᠶᠠᠰᠤ ᠴᠢᠨᠠᠷ ᠤᠨ ᠬᠠᠮᠢᠶᠠᠷᠤᠯᠲᠠ ᠪᠣᠯ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠥᠨᠢᠳᠡ ᠶᠢᠨ | ᠭᠤᠣᠯ ᠰᠡᠳᠦᠪ ᠪᠣᠯᠤᠨ᠎ᠠ᠃ ᠤᠰᠤᠨ ᠠᠰᠢᠭᠯᠠᠯᠲᠠ ᠶᠢᠨ ᠶᠠᠮᠤᠨ 1997 ᠣᠨ ᠳᠤ ︽ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠭᠠᠯ︾ ︵ᠤᠰᠤᠨ ᠠᠰᠢᠭᠯᠠᠯᠲᠠ ᠶᠢᠨ ᠶᠠᠮᠤᠨ ᠤ | ᠵᠠᠷᠯᠢᠭ 7 ᠳ᠋ᠤᠭᠠᠷ ᠲᠣᠭᠠᠲᠤ ᠢᠶᠠᠷ ᠨᠡᠶᠢᠲᠡᠯᠡᠪᠡ᠂ ᠳᠣᠷᠣᠭᠰᠢ ᠤᠤᠯ ᠤᠨ ︽ᠲᠣᠭᠲᠠᠭᠠᠯ︾ ᠭᠡᠵᠦ ᠲᠣᠪᠴᠢᠯᠠᠨ᠎ᠠ︶ | ᠢ ᠨᠡᠶᠢᠲᠡᠯᠡᠨ ᠬᠡᠷᠡᠭᠵᠢᠭᠦᠯᠵᠦ᠂ 2017 ᠣᠨ ᠳᠤ ᠬᠡᠰᠡᠭ ᠵᠠᠷᠢᠮ ᠵᠦᠢᠯ ᠳᠤ ᠵᠠᠰᠠᠪᠤᠷᠢ ᠣᠷᠣᠭᠤᠯᠪᠠ᠃ ᠤᠤᠯ ᠤᠨ | ︽ᠲᠣᠭᠲᠠᠭᠠᠯ︾ ᠢ ᠬᠡᠷᠡᠭᠵᠢᠭᠦᠯᠦᠭᠰᠡᠨ ᠬᠤᠷᠢ ᠭᠠᠷᠤᠢ ᠵᠢᠯ ᠤᠨ ᠲᠤᠷᠰᠢ᠂ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠵᠢᠯ ᠤᠨ ᠦᠢᠯᠡ ᠠᠵᠢᠯᠯᠠᠭ᠎ᠠ ᠶᠢ | ᠵᠢᠷᠤᠮᠵᠢᠭᠤᠯᠬᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ | ᠦᠢᠯᠡᠳᠦᠯ ᠦᠵᠡᠭᠦᠯᠪᠡ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠴᠢᠨᠠᠷ ᠰᠠᠶᠢᠲᠠᠢ | ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ | ᠲᠡᠷᠢᠭᠦᠨ ᠴᠢᠬᠤᠯᠠ ᠡᠭᠦᠷᠭᠡ ᠮᠥᠨ᠂ ᠶᠠᠰᠤ ᠴᠢᠨᠠᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ | ᠭᠡᠪᠡ᠃ ᠣᠶᠢᠷ᠎ᠠ ᠶᠢᠨ ᠵᠢᠯ ᠤᠨ ᠲᠤᠷᠰᠢ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠴᠤ᠂ ᠮᠠᠰᠢ | ᠣᠯᠠᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠭᠠᠷᠴᠤ᠂ ᠲᠡᠭᠦᠨ ᠳᠤ ᠵᠠᠰᠠᠪᠤᠷᠢ ᠣᠷᠣᠭᠤᠯᠬᠤ ᠴᠢᠬᠤᠯᠠ ᠲᠠᠢ | ᠪᠣᠯᠤᠭᠰᠠᠨ ᠪᠠᠶᠢᠨ᠎ᠠ᠃ ᠨᠢᠭᠡ ᠳᠤ᠂ ᠤᠤᠯ ᠤᠨ ︽ᠲᠣᠭᠲᠠᠭᠠᠯ︾ ᠢ ᠬᠡᠷᠡᠭᠵᠢᠭᠦᠯᠦᠭᠰᠡᠨ ᠤ ᠳᠠᠷᠠᠭ᠎ᠠ᠂ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ᠂ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠬᠠᠮᠢᠶᠠᠷᠤᠯᠲᠠ ᠶᠢᠨ ᠲᠦᠷᠢᠮ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠵᠠᠯᠭᠠᠭ᠎ᠠ ᠪᠠᠷ ᠨᠡᠶᠢᠲᠡᠯᠡᠨ ᠬᠡᠷᠡᠭᠵᠢᠭᠦᠯᠵᠦ᠂ 2017 ᠣᠨ ᠳᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠢ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠳᠤ᠂ ᠲᠥᠪ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠬᠤᠯᠪᠣᠭᠳᠠᠯ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠤᠤᠯ ᠤᠨ ︽ᠲᠣᠭᠲᠠᠭᠠᠯ︾ ᠳᠤ | ᠵᠣᠬᠢᠴᠠᠩᠭᠤᠶ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃ ᠬᠤᠶᠠᠷ ᠲᠤ᠂ ᠰᠢᠨ᠎ᠡ ᠱᠠᠲᠤᠨ ᠳᠤ ᠣᠷᠣᠵᠤ᠂ | ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠬᠥᠭᠵᠢᠯᠲᠡ | ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ | ᠴᠢᠨᠠᠷ ᠤᠨ ᠬᠠᠮᠢᠶᠠᠷᠤᠯᠲᠠ ᠶᠢᠨ ᠠᠵᠢᠯ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠤᠤᠯ ᠤᠨ ︽ | ᠲᠣᠭᠲᠠᠭᠠᠯ︾ ᠳᠠᠬᠢ ᠶᠠᠰᠤ ᠴᠢᠨᠠᠷ ᠤᠨ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ᠂ ᠶᠠᠰᠤ ᠴᠢᠨᠠᠷ ᠤᠨ | ᠬᠠᠮᠢᠶᠠᠷᠤᠯᠲᠠ ᠶᠢᠨ ᠠᠭᠤᠯᠭ᠎ᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠵᠡᠷᠭᠡ ᠲᠠᠯ᠎ᠠ ᠪᠠᠷ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠡᠷᠡᠭᠴᠡᠭᠡ ᠶᠢ ᠨᠢᠭᠡᠨᠲᠡ | ᠪᠦᠷᠢᠮᠦᠰᠦᠨ ᠬᠠᠩᠭᠠᠵᠤ ᠳᠡᠶᠢᠯᠬᠦ ᠥᠬᠡᠶ ᠪᠣᠯᠵᠠᠶ᠃ ᠭᠤᠷᠪᠠ ᠳᠤ᠂ ᠣᠶᠢᠷ᠎ᠠ ᠶᠢᠨ ᠵᠢᠯ ᠤᠳ ᠲᠤ ᠤᠰᠤᠨ | ᠠᠰᠢᠭᠯᠠᠯᠲᠠ ᠶᠢᠨ ᠶᠠᠮᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠶᠠᠰᠤ | ᠴᠢᠨᠠᠷ ᠤᠨ ᠬᠠᠮᠢᠶᠠᠷᠤᠯᠲᠠ ᠶᠢᠨ ᠠᠯᠢ ᠣᠯᠠᠨ ᠠᠷᠭ᠎ᠠ ᠬᠡᠮᠵᠢᠶ᠎ᠡ ᠶᠢ ᠲᠣᠭᠲᠠᠭᠠᠵᠤ᠂ ᠦᠢᠯᠡᠳᠦᠯᠭᠡ ᠶᠢᠨ ᠳᠤᠮᠳᠠ | ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠲᠤᠷᠰᠢᠯᠭ᠎ᠠ ᠪᠠᠨ ᠳ᠋ᠦᠩᠨᠡᠵᠦ ᠪᠠᠶᠢᠭᠠᠳ ᠬᠠᠤᠯᠢ ᠴᠠᠭᠠᠵᠠ ᠶᠢᠨ | ᠵᠢᠷᠤᠮᠵᠢᠯ ᠪᠣᠯᠭᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ | ᠬᠤᠶᠠᠷ᠂ ︽ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠭᠤᠣᠯ ᠰᠡᠳᠬᠢᠴᠡ ᠪᠠ ᠪᠤᠳᠤᠯᠬᠢᠯᠠᠯ︖ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠭᠤᠤᠯᠳᠠᠭᠤ ︽ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ︾ ᠵᠡᠷᠭᠡ ᠳᠡᠭᠡᠳᠦ ᠪᠠᠶᠢᠷᠢ ᠶᠢᠨ ᠬᠠᠤᠯᠢ ᠶᠢ | ᠦᠨᠳᠦᠰᠦᠯᠡᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ | ᠭᠤᠭᠴᠤᠭ᠎ᠠ ᠳᠤ ᠪᠥᠬᠦ ᠲᠠᠯ᠎ᠠ ᠶᠢᠨ ᠰᠢᠰᠲ᠋ᠧᠮ ᠲᠠᠢ ᠲᠣᠭᠲᠠᠭᠠᠯ ᠭᠠᠷᠭᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ | ᠨᠡᠮᠡᠭᠳᠡᠭᠦᠯᠦᠨ᠎ᠡ︔ ᠣᠳᠣᠬᠠᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠬᠡᠷᠡᠭᠴᠡᠭᠡ ᠵᠢᠴᠢ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠲᠠᠢ ᠤᠶᠠᠯᠳᠤᠭᠤᠯᠤᠨ᠂ ᠨᠠᠷᠢᠯᠢᠭᠵᠢᠭᠤᠯᠬᠤ᠂ | ᠪᠣᠳᠠᠲᠠᠶᠢᠵᠢᠭᠤᠯᠬᠤ ᠲᠣᠭᠲᠠᠭᠠᠯ ᠭᠠᠷᠭᠠᠵᠤ᠂ ᠤᠰᠤᠨ ᠠᠰᠢᠭᠯᠠᠯᠲᠠ ᠶᠢᠨ ᠣᠨᠴᠠᠯᠢᠭ ᠢ ᠳᠣᠪᠤᠶᠢᠯᠭᠠᠨ᠎ᠠ᠃ | ᠲᠥᠪ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠬᠦ ᠶᠢ | ᠴᠢᠬᠤᠯᠠᠴᠢᠯᠠᠵᠤ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠨᠢᠭᠡᠴᠢ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠴᠠᠭᠠᠨ ᠬᠡᠮᠵᠢᠬᠦ᠂ ᠬᠢᠨᠠᠨ ᠬᠡᠮᠵᠢᠬᠦ ᠵᠡᠷᠭᠡ | ᠪᠤᠰᠤᠳ ᠨᠢᠭᠡᠴᠢ ᠨᠦᠭᠦᠳ ᠬᠤᠯᠪᠣᠭᠳᠠᠯ ᠪᠦᠬᠦᠢ ᠲᠣᠭᠲᠠᠭᠠᠯ ᠪᠠ ᠭᠡᠷ᠎ᠡ ᠶᠢ ᠦᠨᠳᠦᠰᠦᠯᠡᠨ ᠵᠣᠬᠢᠬᠤ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠢ᠃ ︽ᠲᠣᠭᠲᠠᠭᠠᠯ︾ ᠢ ᠶᠡᠷᠦᠩᠬᠡᠶ ᠲᠦᠷᠢᠮ ᠭᠡᠵᠦ ᠬᠤᠪᠢᠶᠠᠵᠤ᠂ ᠲᠥᠷᠥᠯ ᠵᠦᠢᠯ ᠤᠨ | ᠬᠠᠤᠯᠢ ᠶᠢᠨ ᠡᠷᠬᠡᠲᠡᠨ ᠤ ᠶᠠᠰᠤ ᠴᠢᠨᠠᠷ ᠤᠨ ᠬᠠᠷᠢᠭᠤᠴᠠᠯᠭ᠎ᠠ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ | ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ᠂ ᠪᠠᠷᠢᠯᠭ᠎ᠠ ᠪᠠᠷᠢᠬᠤ ᠨᠢᠭᠡᠴᠢ ᠶᠢᠨ ᠶᠠᠰᠤ ᠴᠢᠨᠠᠷ ᠤᠨ | ᠬᠠᠷᠢᠭᠤᠴᠠᠯᠭ᠎ᠠ᠂ ᠬᠢᠨᠠᠨ ᠬᠠᠮᠢᠶᠠᠷᠬᠤ ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ᠂ ᠪᠤᠰᠤᠳ ᠨᠢᠭᠡᠴᠢ ᠶᠢᠨ | ᠶᠠᠰᠤ ᠴᠢᠨᠠᠷ ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ᠂ ᠪᠤᠰᠤᠳ | ᠨᠢᠭᠡᠴᠢ ᠶᠢᠨ ᠶᠠᠰᠤ ᠴᠢᠨᠠᠷ ᠤᠨ ᠬᠠᠷᠢᠭᠤᠴᠠᠯᠭ᠎ᠠ᠂ ᠬᠢᠨᠠᠯᠲᠠ ᠲᠠᠯᠪᠢᠵᠤ ᠬᠠᠮᠢᠶᠠᠷᠬᠤ᠂ ᠲᠣᠷᠭᠠᠬᠤ ᠲᠦᠷᠢᠮ᠂ | ᠳᠠᠭᠠᠯᠳᠤᠭᠤᠯᠤᠭᠰᠠᠨ ᠲᠦᠷᠢᠮ ᠵᠡᠷᠭᠡ 9 ᠪᠦᠯᠦᠭ᠂ ᠨᠡᠶᠢᠲᠡ 76 ᠵᠦᠢᠯ ᠪᠣᠶ᠃ | ᠭᠤᠷᠪᠠ᠂ ︽ᠲᠣᠭᠲᠠᠭᠠᠯ︾ ᠳᠤ ᠲᠥᠷᠥᠯ ᠵᠦᠢᠯ ᠤᠨ ᠬᠠᠤᠯᠢ ᠶᠢᠨ ᠡᠷᠬᠡᠲᠡᠨ ᠳᠤ ᠶᠠᠮᠠᠷ ᠶᠠᠮᠠᠷ ᠶᠠᠰᠤ | ᠴᠢᠨᠠᠷ ᠤᠨ ᠬᠠᠷᠢᠭᠤᠴᠠᠯᠭ᠎ᠠ ᠲᠣᠭᠲᠠᠭᠠᠭᠰᠠᠨ ᠪᠣᠶ︖ | ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ ᠨᠢ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠦᠨᠳᠦᠰᠦᠨ ᠳᠦᠷᠢᠮ ᠤᠨ | ᠨᠢᠭᠡ ᠪᠣᠯᠤᠭᠰᠠᠨ ᠤ ᠬᠤᠪᠢ ᠳᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠮᠬᠢ | ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ ︽ | ᠲᠣᠭᠲᠠᠭᠠᠯ︾ ᠳᠤ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠬᠡᠪᠴᠢᠶ᠎ᠡ ᠪᠠ ᠮᠡᠷᠭᠡᠵᠢᠯ ᠤᠨ ᠪᠤᠳᠤᠯᠢᠶᠠᠨᠲᠠᠢ ᠬᠡᠮᠵᠢᠶ᠎ᠡ ᠶᠢ ᠦᠨᠳᠦᠰᠦᠯᠡᠨ ᠶᠠᠰᠤ | ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ ᠭᠡᠪᠡ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ᠪᠠᠷᠢᠯᠭ᠎ᠠ ᠶᠢ ᠬᠠᠤᠯᠢ ᠶᠣᠰᠣᠭᠠᠷ | ᠵᠣᠬᠢᠬᠤ ᠬᠢᠷᠢ ᠬᠡᠮ ᠤᠨ ᠵᠡᠷᠭᠡ ᠳᠡᠰ ᠲᠠᠢ ᠨᠢᠭᠡᠴᠢ ᠳᠤ ᠳᠠᠭᠠᠭᠠᠴᠢᠯᠠᠭᠤᠯᠤᠨ ᠥᠭᠴᠦ᠂ ᠪᠠᠷᠢᠯᠭ᠎ᠠ ᠲᠠᠢ | ᠬᠤᠯᠪᠣᠭᠳᠠᠬᠤ ᠠᠩᠬᠠᠨ ᠤ ᠮᠠᠲ᠋ᠧᠷᠢᠶᠠᠯ ᠢ ᠬᠠᠩᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠠᠯᠪᠠᠳᠠᠵᠤ | ᠪᠠᠶᠢᠭᠠᠳ ᠥᠪᠡᠷ ᠤᠨ ᠥᠷᠲᠡᠭ ᠠᠴᠠ ᠨᠢ ᠳᠣᠣᠷ᠎ᠠ ᠦᠨ᠎ᠡ ᠪᠠᠷ ᠥᠷᠢᠰᠥᠯᠳᠦᠭᠦᠯᠵᠦ ᠪᠣᠯᠬᠤ ᠦᠭᠡᠢ᠂ ᠪᠠᠷᠢᠯᠭ᠎ᠠ ᠶᠢᠨ | ᠬᠤᠭᠤᠴᠠᠭ᠎ᠠ ᠶᠢ ᠳᠤᠷ᠎ᠠ ᠪᠠᠷ ᠢᠶᠠᠨ ᠬᠠᠰᠤᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭᠠᠵᠠᠶ᠃ ᠲᠥᠷᠥᠯ | ᠵᠦᠢᠯ ᠤᠨ ᠬᠠᠤᠯᠢ ᠶᠢᠨ ᠡᠷᠬᠡᠲᠡᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠶᠠᠰᠤ | ᠴᠢᠨᠠᠷ ᠲᠤ ᠬᠢᠨᠠᠯᠲᠠ ᠲᠠᠯᠪᠢᠬᠤ ᠵᠢᠴᠢ ᠠᠵᠢᠯ ᠡᠬᠢᠯᠡᠭᠦᠯᠬᠦ ᠶᠢ ᠳᠠᠩᠰᠠᠯᠠᠭᠤᠯᠬᠤ ᠭᠠᠷ ᠭᠦᠢᠴᠡᠳᠬᠡᠯ ᠢ | ᠭᠦᠢᠴᠡᠳᠬᠡᠬᠦ ᠪᠠᠷ ᠱᠠᠭᠠᠷᠳᠠᠪᠠ︔ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠬᠢᠨᠠᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠪᠦᠲᠦᠭᠡᠨ ᠪᠠᠶᠢᠭᠤᠯᠤᠯᠲᠠ ᠳᠤ ᠣᠷᠣᠯᠴᠠᠬᠤ | ᠬᠤᠯᠪᠣᠭᠳᠠᠯ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠬᠠᠶᠢᠨ ᠪᠠᠶᠢᠴᠠᠭᠠᠵᠤ᠂ ᠵᠢᠷᠤᠵᠤ ᠲᠥᠯᠥᠪᠯᠡᠬᠦ ᠶᠢᠨ | ᠦᠨᠳᠦᠰᠦᠨ ᠵᠦᠢᠯ ᠢ ᠲᠤᠰᠢᠶᠠᠨ᠎ᠠ︔ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠡᠰ ᠳᠠᠷᠠᠭᠠᠯᠠᠯ ᠢ ᠲᠣᠭᠲᠠᠭᠠᠯ | ᠶᠣᠰᠣᠭᠠᠷ ᠭᠦᠢᠴᠡᠳᠬᠡᠨ᠎ᠡ᠃ ᠡᠭᠦᠨ ᠤ ᠬᠠᠮᠲᠤ᠂ ︽ᠲᠣᠭᠲᠠᠭᠠᠯ︾ ᠳᠤ ᠪᠠᠰᠠ ᠲᠥᠷᠥᠯ ᠵᠦᠢᠯ ᠤᠨ ᠬᠠᠤᠯᠢ ᠶᠢᠨ | ᠡᠷᠬᠡᠲᠡᠨ ᠤ ᠶᠠᠰᠤ ᠴᠢᠨᠠᠷ ᠤᠨ ᠠᠳᠡᠯ ᠤᠨ ᠮᠡᠳᠡᠭᠦᠯᠦᠯᠲᠡ᠂ ᠰᠢᠯᠭᠠᠨ ᠠᠪᠬᠤ᠂ ᠲᠠᠩᠰᠠ ᠡᠪᠬᠡᠮᠡᠯ ᠤᠨ ᠬᠠᠮᠢᠶᠠᠷᠤᠯᠲᠠ | ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠳᠥᠷᠪᠡ᠂ ︽ᠲᠣᠭᠲᠠᠭᠠᠯ︾ ᠳᠤ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠳᠤ ᠶᠠᠮᠠᠷ ᠶᠠᠮᠠᠷ | ᠶᠠᠰᠤ ᠴᠢᠨᠠᠷ ᠤᠨ ᠬᠠᠷᠢᠭᠤᠴᠠᠯᠭ᠎ᠠ ᠶᠢ ᠲᠣᠭᠲᠠᠭᠠᠭᠰᠠᠨ ᠪᠣᠶ︖ | ᠬᠠᠶᠢᠨ ᠬᠡᠮᠵᠢᠬᠦ᠂ ᠵᠢᠷᠤᠵᠤ ᠲᠥᠯᠥᠪᠯᠡᠬᠦ ᠶᠠᠰᠤ ᠴᠢᠨᠠᠷ ᠪᠣᠯ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ | ᠴᠢᠨᠠᠷ ᠲᠤ ᠬᠤᠯᠪᠣᠭᠳᠠᠬᠤ ᠵᠠᠩᠭᠢᠯᠠᠭ᠎ᠠ ᠶᠢᠨ ᠬᠦᠴᠦᠨ ᠵᠦᠢᠯ ᠤᠨ ᠨᠢᠭᠡ ᠨᠢ ᠪᠣᠯᠤᠨ᠎ᠠ᠃ ︽ᠲᠣᠭᠲᠠᠭᠠᠯ︾ ᠳᠤ | ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠨᠥᠬᠦᠴᠡᠯ ᠪᠠ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢᠨ ᠲᠤᠬᠠᠶ ᠲᠣᠭᠲᠠᠭᠠᠯ ᠭᠠᠷᠭᠠᠵᠤ᠂ ᠬᠠᠶᠢᠨ | ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠶᠢᠨ ᠬᠢᠷᠢ ᠬᠡᠮ ᠤᠨ ᠵᠥᠪᠰᠢᠶᠡᠷᠡᠯ ᠤᠨ ᠬᠡᠪᠴᠢᠶᠡᠨ ᠳᠣᠲᠣᠷ᠎ᠠ | ᠲᠤᠬᠠᠶᠢᠯᠠᠭᠰᠠᠨ ᠠᠵᠢᠯ ᠢ ᠳᠠᠭᠠᠭᠠᠨ ᠠᠪᠴᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ | ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠶᠢᠨ | ᠪᠠᠶᠢᠴᠠᠭᠠᠬᠤ᠂ ᠵᠢᠷᠤᠭᠯᠠᠨ ᠲᠥᠯᠥᠪᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ | ᠴᠢᠩᠭᠠᠳᠬᠠᠨ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ ᠪᠢᠴᠢᠭ ᠮᠠᠲ᠋ᠧᠷᠢᠶᠠᠯ ᠢ ᠬᠠᠷᠭᠤᠭᠤᠯᠤᠨ ᠬᠢᠨᠠᠬᠤ᠂ | ᠬᠠᠮᠲᠤᠷᠠᠨ ᠭᠠᠷ ᠤᠨ ᠥᠰᠥᠭ ᠵᠢᠷᠤᠬᠤ᠂ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ | ᠲᠣᠳᠣᠷᠬᠠᠶ ᠲᠣᠭᠲᠠᠭᠠᠵᠠᠶ᠃ ᠡᠭᠦᠨ ᠤ ᠬᠠᠮᠲᠤ᠂ ︽ᠲᠣᠭᠲᠠᠭᠠᠯ︾ ᠳᠤ ᠵᠢᠷᠤᠭ ᠲᠥᠯᠥᠪᠯᠡᠭᠡ ᠶᠢᠨ ᠭᠦᠨᠴᠡ ᠶᠢᠨ | ᠱᠠᠭᠠᠷᠳᠠᠯᠭ᠎ᠠ᠂ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠦᠨᠳᠦᠰᠦᠨ ᠵᠦᠢᠯ ᠢ ᠲᠤᠰᠢᠶᠠᠬᠤ᠂ ᠰᠢᠯᠭᠠᠨ | ᠠᠪᠬᠤ ᠪᠠ ᠶᠠᠰᠤ ᠴᠢᠨᠠᠷ ᠤᠨ ᠠᠳᠡᠯ ᠤᠨ ᠵᠠᠳᠠᠯᠤᠯᠲᠠ ᠵᠡᠷᠭᠡ ᠳᠤ ᠱᠠᠭᠠᠷᠳᠠᠯᠭ᠎ᠠ ᠳᠤᠷᠠᠳᠪᠠ᠃ | ᠲᠠᠪᠤ᠂ ︽ᠲᠣᠭᠲᠠᠭᠠᠯ︾ ᠳᠤ ᠪᠠᠷᠢᠯᠭ᠎ᠠ ᠪᠠᠷᠢᠬᠤ ᠨᠢᠭᠡᠴᠢ ᠳᠤ ᠶᠠᠮᠠᠷ ᠶᠠᠮᠠᠷ ᠶᠠᠰᠤ ᠴᠢᠨᠠᠷ ᠤᠨ | ᠬᠠᠷᠢᠭᠤᠴᠠᠯᠭ᠎ᠠ ᠶᠢ ᠲᠣᠭᠲᠠᠭᠠᠭᠰᠠᠨ ᠪᠣᠢ︖ | ︽ᠲᠣᠭᠲᠠᠭᠠᠯ︾ ᠳᠤ ᠪᠠᠷᠢᠯᠭ᠎ᠠ ᠪᠠᠷᠢᠬᠤ ᠨᠢᠭᠡᠴᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ | ᠪᠠᠷᠢᠯᠭ᠎ᠠ ᠪᠠᠷᠢᠬᠤ ᠨᠢᠭᠡᠴᠢ ᠶᠢᠨ ᠪᠠᠷᠢᠯᠭ᠎ᠠ ᠪᠠᠷᠢᠬᠤ ᠶᠠᠪᠤᠴᠠ ᠳᠠᠬᠢ ᠶᠠᠰᠤ ᠴᠢᠨᠠᠷ ᠤᠨ ᠡᠵᠡᠮᠳᠡᠯ ᠢ ᠴᠢᠩᠳᠠᠯᠠᠨ᠂ | ᠪᠠᠷᠢᠯᠭ᠎ᠠ ᠪᠠᠷᠢᠬᠤ ᠶᠠᠰᠤ ᠴᠢᠨᠠᠷ ᠢ ᠪᠠᠲᠤᠯᠠᠵᠤ᠂ ᠪᠠᠷᠢᠯᠭ᠎ᠠ ᠪᠠᠷᠢᠬᠤ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠠᠷᠢᠯᠭ᠎ᠠ ᠪᠠᠷᠢᠬᠤ ᠬᠡᠷᠡᠭᠴᠡᠭᠡ ᠪᠠ ᠭᠡᠷ᠎ᠡ ᠶᠢᠨ ᠪᠣᠯᠵᠤᠭ᠎ᠠ ᠶᠢ | ᠦᠨᠳᠦᠰᠦᠯᠡᠨ᠂ ᠲᠤᠬᠠᠢ ᠶᠢᠨ ᠭᠠᠵᠠᠷ ᠤᠨ ᠪᠠᠷᠢᠯᠭ᠎ᠠ ᠪᠠᠷᠢᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ | ᠲᠣᠬᠢᠷᠠᠭᠤᠯᠵᠤ᠂ ᠪᠠᠷᠢᠯᠭ᠎ᠠ ᠪᠠᠷᠢᠬᠤ ᠬᠡᠷᠡᠭᠴᠡᠭᠡ ᠶᠢ ᠬᠠᠩᠭᠠᠬᠤ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠨ᠂ | ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ︽ᠲᠣᠭᠲᠠᠭᠠᠯ︾ ᠤᠨ | ᠱᠠᠭᠠᠷᠳᠠᠯᠭ᠎ᠠ ᠨᠢ᠂ ᠪᠠᠷᠢᠯᠭ᠎ᠠ ᠪᠠᠷᠢᠬᠤ ᠨᠢᠭᠡᠴᠢ ᠡᠷᠬᠡᠪᠰᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠶᠢᠨ ᠪᠢᠴᠢᠭ | ᠮᠠᠲ᠋ᠧᠷᠢᠶᠠᠯ᠂ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠭᠡᠷ᠎ᠡ ᠶᠢᠨ ᠪᠣᠯᠵᠤᠭ᠎ᠠ ᠶᠣᠰᠣᠭᠠᠷ᠂ ᠲᠦᠭᠦᠬᠡᠶ | ᠮᠠᠲ᠋ᠧᠷᠢᠶᠠᠯ᠂ ᠵᠠᠪᠰᠠᠷ ᠤᠨ ᠦᠢᠯᠡᠳᠬᠦᠨ᠂ ᠲᠣᠨᠤᠭ ᠲᠥᠬᠦᠭᠡᠷᠦᠮᠵᠢ ᠵᠢᠴᠢ ᠨᠢᠭᠡᠴᠢ ᠶᠢᠨ ᠪᠠᠷᠢᠯᠭ᠎ᠠ ︵ᠠᠵᠢᠯ ᠤᠨ | ᠳᠠᠷᠠᠭᠠᠯᠠᠯ︶ ᠵᠡᠷᠭᠡ ᠳᠤ ᠶᠠᠰᠤ ᠴᠢᠨᠠᠷ ᠤᠨ ᠪᠠᠶᠢᠴᠠᠭᠠᠯᠲᠠ ᠬᠢᠬᠦ ᠬᠡᠷᠡᠭᠲᠡᠶ᠃ ︽ᠲᠣᠭᠲᠠᠭᠠᠯ︾ ᠳᠤ | ᠴᠢᠩᠭᠠᠳᠬᠠᠭᠰᠠᠨ ᠨᠢ᠂ ᠪᠠᠷᠢᠯᠭ᠎ᠠ ᠪᠠᠷᠢᠬᠤ ᠨᠢᠭᠡᠴᠢ ᠪᠠᠷᠢᠯᠭ᠎ᠠ ᠶᠢ ᠰᠢᠯᠭᠠᠨ ᠠᠪᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠳᠠᠯᠳᠠ ᠪᠠᠷᠢᠯᠭ᠎ᠠ ᠶᠢᠨ ᠶᠠᠰᠤ ᠴᠢᠨᠠᠷ ᠤᠨ ᠪᠠᠶᠢᠴᠠᠭᠠᠯᠲᠠ ᠪᠠ ᠲᠡᠮᠳᠡᠭᠯᠡᠯ ᠢ ᠰᠠᠶᠢᠲᠤᠷ ᠬᠢᠵᠦ᠂ | ᠳᠠᠯᠳᠠ ᠪᠠᠷᠢᠯᠭ᠎ᠠ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ | ᠳᠠᠯᠳᠠ ᠠᠴᠠ ᠵᠠᠶᠢᠯᠠᠵᠤ ᠪᠣᠯᠬᠤ ᠦᠭᠡᠢ ᠭᠡᠵᠦ ᠴᠢᠬᠤᠯᠠᠴᠢᠯᠠᠵᠠᠢ᠃ ᠡᠭᠦᠨ ᠤ ᠬᠠᠮᠲᠤ᠂ ᠶᠠᠰᠤ ᠴᠢᠨᠠᠷ ᠤᠨ | ᠵᠠᠰᠠᠯᠲᠠ ᠶᠢ ᠪᠠᠲᠤᠯᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠵᠢᠷᠭᠤᠭ᠎ᠠ᠂ ︽ᠲᠣᠭᠲᠠᠭᠠᠯ︾ ᠳᠤ ᠬᠢᠨᠠᠨ ᠬᠠᠮᠢᠶᠠᠷᠬᠤ ᠨᠢᠭᠡᠴᠢ ᠳᠤ ᠶᠠᠮᠠᠷ ᠶᠠᠮᠠᠷ ᠶᠠᠰᠤ ᠴᠢᠨᠠᠷ ᠤᠨ | ᠬᠠᠷᠢᠭᠤᠴᠠᠯᠭ᠎ᠠ ᠶᠢ ᠲᠣᠭᠲᠠᠭᠠᠭᠰᠠᠨ ᠪᠣᠢ︖ | ︽ᠲᠣᠭᠲᠠᠭᠠᠯ︾ ᠳᠤ ᠬᠢᠨᠠᠨ ᠬᠠᠮᠢᠶᠠᠷᠬᠤ ᠨᠢᠭᠡᠴᠢ ᠶᠢᠨ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢᠨ | ᠪᠠᠷᠢᠮᠵᠢᠶ᠎ᠠ᠂ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠ ᠠᠭᠤᠯᠭ᠎ᠠ ᠵᠡᠷᠭᠡ ᠳᠤ ᠱᠠᠭᠠᠷᠳᠠᠯᠭ᠎ᠠ ᠳᠤᠷᠠᠳᠪᠠ᠃ | ᠬᠢᠨᠠᠨ ᠬᠠᠮᠢᠶᠠᠷᠬᠤ ᠨᠢᠭᠡᠴᠢ ᠨᠢ ᠪᠠᠷᠢᠯᠭ᠎ᠠ ᠪᠠᠷᠢᠬᠤ ᠨᠢᠭᠡᠴᠢ ᠶᠢᠨ ᠪᠠᠷᠢᠯᠭ᠎ᠠ ᠪᠠᠷᠢᠬᠤ ᠶᠠᠰᠤ ᠴᠢᠨᠠᠷ ᠤᠨ | ᠬᠠᠮᠢᠶᠠᠷᠤᠯᠲᠠ ᠶᠢᠨ ᠰᠢᠰᠲ᠋ᠧᠮᠵᠢ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ᠂ | ᠪᠠᠷᠢᠯᠭ᠎ᠠ ᠪᠠᠷᠢᠬᠤ ᠲᠤᠰᠬᠠᠢ ᠵᠦᠢᠯ ᠤᠨ ᠲᠥᠰᠥᠯ᠂ ᠳᠠᠩᠰᠠ ᠡᠪᠬᠡᠮᠡᠯ ᠳᠤ ᠣᠷᠣᠭᠤᠯᠬᠤ ᠪᠢᠴᠢᠭ ᠮᠠᠲ᠋ᠧᠷᠢᠶᠠᠯ | ᠵᠡᠷᠭᠡ ᠶᠢ ᠬᠢᠨᠠᠨ ᠪᠠᠶᠢᠴᠠᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠬᠢᠨᠠᠨ ᠬᠠᠮᠢᠶᠠᠷᠬᠤ ᠨᠢᠭᠡᠴᠢ ᠶᠢ ᠱᠠᠭᠠᠷᠳᠠᠨ | ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠭᠡᠷ᠎ᠡ ᠶᠢᠨ ᠱᠠᠭᠠᠷᠳᠠᠯᠭ᠎ᠠ ᠶᠣᠰᠣᠭᠠᠷ᠂ ᠬᠠᠵᠠᠭᠤ ᠥᠷᠲᠡᠭᠡ᠂ | ᠲᠣᠭᠤᠷᠢᠨ ᠪᠠᠶᠢᠴᠠᠭᠠᠬᠤ᠂ ᠵᠡᠷᠭᠡ ᠳᠤᠨᠢ ᠰᠢᠯᠭᠠᠨ ᠪᠠᠶᠢᠴᠠᠭᠠᠬᠤ ᠪᠠ ᠭᠡᠷᠡᠴᠢᠯᠡᠨ ᠠᠪᠴᠤ ᠦᠯᠢᠭᠡᠷ ᠠᠪᠴᠤ | ᠪᠠᠶᠢᠴᠠᠭᠠᠨ ᠬᠡᠮᠵᠢᠬᠦ ᠵᠡᠷᠭᠡ ᠬᠡᠯᠪᠡᠷᠢ ᠶᠢ ᠠᠪᠴᠤ᠂ ᠲᠦᠭᠦᠬᠡᠶ ᠮᠠᠲ᠋ᠧᠷᠢᠶᠠᠯ᠂ ᠵᠠᠪᠰᠠᠷ ᠤᠨ ᠦᠢᠯᠡᠳᠬᠦᠨ᠂ | ᠲᠥᠬᠦᠭᠡᠷᠦᠮᠵᠢ ᠪᠠ ᠨᠢᠭᠡᠴᠢ ᠶᠢᠨ ᠪᠠᠷᠢᠯᠭ᠎ᠠ ︵ᠠᠵᠢᠯ ᠤᠨ ᠳᠠᠷᠠᠭᠠᠯᠠᠯ︶ ᠶᠢᠨ ᠶᠠᠰᠤ ᠴᠢᠨᠠᠷ ᠢ ᠳᠠᠬᠢᠨ | ᠬᠠᠷᠭᠤᠭᠤᠯᠪᠠ᠃ ᠡᠭᠦᠨ ᠤ ᠬᠠᠮᠲᠤ᠂ ᠬᠢᠨᠠᠨ ᠬᠠᠮᠢᠶᠠᠷᠬᠤ ᠨᠢᠭᠡᠴᠢ ᠨᠢ ᠬᠢᠨᠠᠨ ᠬᠠᠮᠢᠶᠠᠷᠤᠭᠳᠠᠬᠤ ᠪᠠᠷᠢᠯᠭ᠎ᠠ ᠶᠢᠨ | ᠪᠠᠷᠢᠯᠭ᠎ᠠ ᠪᠠᠷᠢᠬᠤ ᠨᠢᠭᠡᠴᠢ ᠵᠢᠴᠢ ᠲᠦᠭᠦᠬᠡᠶ ᠮᠠᠲ᠋ᠧᠷᠢᠶᠠᠯ᠂ ᠵᠠᠪᠰᠠᠷ ᠤᠨ ᠦᠢᠯᠡᠳᠬᠦᠨ ᠪᠠ ᠲᠥᠬᠦᠭᠡᠷᠦᠮᠵᠢ ᠬᠠᠩᠭᠠᠬᠤ | ᠬᠤᠳᠠᠯᠳᠤᠭᠠᠴᠢᠨ ᠵᠡᠷᠭᠡ ᠨᠢᠭᠡᠴᠢ ᠯᠦᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ ᠬᠤᠣᠷ ᠤᠨ | ᠬᠠᠷᠢᠴᠠᠭ᠎ᠠ ᠵᠡᠷᠭᠡ ᠶᠢ ᠪᠠᠶᠢᠵᠤ ᠪᠣᠯᠬᠤ ᠥᠬᠡᠶ ᠭᠡᠵᠦ ᠴᠢᠬᠤᠯᠠᠴᠢᠯᠠᠪᠠ᠃ | ᠳᠣᠯᠤᠭ᠎ᠠ᠂ ︽ᠲᠣᠭᠲᠠᠭᠠᠯ︾ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠳᠦᠷᠢᠮ ᠤᠨ ᠵᠢᠷᠤᠭ ᠲᠥᠯᠥᠪᠯᠡᠭᠡ | ᠪᠠᠶᠢᠬᠤ ᠪᠣᠢ︖ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ | ᠴᠢᠨᠠᠷ ᠤᠨ ᠬᠠᠮᠢᠶᠠᠷᠤᠯᠲᠠ ᠶᠢᠨ ᠲᠦᠷᠢᠮ︾ ᠪᠣᠯᠤᠨ ᠤᠰᠤᠨ ᠠᠰᠢᠭᠯᠠᠯᠲᠠ ᠶᠢᠨ ᠶᠠᠮᠤᠨ ᠤ ︽ᠭᠤᠷᠪᠠ ᠶᠢ | ᠲᠣᠭᠲᠠᠭᠠᠬᠤ︾ ᠲᠣᠭᠲᠠᠭᠠᠯ ᠢ ᠦᠨᠳᠦᠰᠦᠯᠡᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠶᠠᠯᠠᠯ ᠤᠨ ᠬᠡᠪᠴᠢᠶᠡᠨ ᠳᠣᠲᠣᠷ᠎ᠠ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠭᠤᠤᠯ ᠠᠭᠤᠯᠭ᠎ᠠ᠂ ᠬᠢᠨᠠᠯᠲᠠ | ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢᠨ ᠡᠭᠦᠷᠭᠡ ᠬᠠᠷᠢᠭᠤᠴᠠᠯᠭ᠎ᠠ ᠵᠢᠴᠢ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠭᠤᠤᠯ | ᠠᠭᠤᠯᠭ᠎ᠠ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ | ᠨᠠᠢᠮᠠ᠂ ︽ᠲᠣᠭᠲᠠᠭᠠᠯ︾ ᠳᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠶᠢᠨ ᠲᠤᠬᠠᠢ ᠶᠠᠮᠠᠷ ᠶᠠᠮᠠᠷ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠭᠲᠠᠭᠠᠭᠰᠠᠨ ᠪᠣᠢ︖ | ︽ᠲᠣᠭᠲᠠᠭᠠᠯ︾ ᠳᠤ ︽ᠪᠠᠷᠢᠯᠭ᠎ᠠ ᠶᠢᠨ ᠬᠠᠤᠯᠢ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ | ᠪᠠᠶᠢᠴᠠᠭᠠᠵᠤ ᠵᠢᠷᠤᠵᠤ ᠲᠥᠯᠥᠪᠯᠡᠬᠦ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠵᠥᠷᠢᠴᠡᠭᠰᠡᠨ ᠦᠢᠯᠡ | ᠠᠵᠢᠯᠯᠠᠭ᠎ᠠ ᠳᠤ ᠬᠥᠲᠥᠯᠥᠨ ᠵᠢᠯᠣᠭᠤᠳᠬᠤ ᠴᠢᠨᠠᠷᠲᠠᠶ ᠰᠢᠢᠳᠬᠡᠯ ᠥᠭᠬᠦ ᠲᠣᠭᠲᠠᠭᠠᠯ ᠭᠠᠷᠭᠠᠵᠤ᠂ ᠬᠠᠤᠯᠢ ᠶᠢ | ᠴᠢᠩᠭ᠎ᠠ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃ ᠡᠭᠦᠨ ᠤ ᠬᠠᠮᠲᠤ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠭᠰᠠᠨ ᠨᠢᠭᠡᠴᠢ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠰᠢᠢᠳᠪᠦᠷᠢᠯᠡᠬᠦ | ᠲᠣᠭᠲᠠᠭᠠᠯ ᠵᠡᠷᠭᠡ ᠮᠡᠳᠡᠭᠡ ᠵᠠᠩᠭᠢ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠲᠡᠭᠡᠮᠵᠢ ᠶᠢᠨ ᠲᠡᠮᠳᠡᠭᠯᠡᠯ ᠳᠤ | ᠲᠡᠮᠳᠡᠭᠯᠡᠨ ᠣᠷᠣᠭᠤᠯᠬᠤ ᠬᠡᠷᠡᠭᠲᠡᠶ᠃ | ᠶᠢᠰᠦ᠂ ᠲᠠᠷᠠᠭᠠᠴᠢ ᠶᠢᠨ ᠠᠯᠬᠤᠮ ᠳᠤ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠠᠵᠢᠯ ᠢ ᠰᠠᠶᠢᠲᠤᠷ ᠠᠳᠬᠤᠬᠤ ᠲᠤᠬᠠᠶ ᠶᠠᠮᠠᠷ ᠶᠠᠮᠠᠷ ᠪᠣᠳᠣᠯᠬᠢᠯᠠᠯ ᠪᠠᠶᠢᠬᠤ ᠪᠣᠶ︖ | ᠲᠠᠷᠠᠭᠠᠴᠢ ᠶᠢᠨ ᠠᠯᠬᠤᠮ ᠳᠤ᠂ ᠪᠢᠳᠡ ︽ᠲᠣᠭᠲᠠᠭᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠨᠢ ᠲᠡᠦᠬᠡ ᠪᠠ | ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠨ᠎ᠠ᠃ ᠨᠢᠭᠡ ᠳᠤ ᠲᠥᠷᠥ ᠶᠢᠨ | ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠮᠣᠵᠢ ᠪᠣᠯᠤᠨ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠴᠠᠭ ᠲᠤᠨᠢ ᠲᠣᠬᠢᠷᠠᠭᠤᠯᠤᠨ ᠪᠤᠯᠪᠠᠰᠤᠷᠠᠯ ᠬᠢᠬᠦ ᠶᠢ ᠵᠣᠬᠢᠶᠠᠨ ᠪᠠᠶᠢᠭᠤᠯᠵᠤ᠂ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠡᠩᠨᠡᠭᠡᠨ ᠤ ᠬᠠᠤᠯᠢ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ᠬᠤᠶᠠᠷ ᠲᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠤᠯᠢ ᠲᠣᠭᠲᠠᠭᠠᠯ | ᠲᠦᠷᠢᠮ ᠪᠠ ᠪᠠᠷᠢᠮᠵᠢᠶ᠎ᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠲᠦᠷᠢᠮ ᠢ ᠵᠣᠯᠭᠠᠭᠤᠯᠬᠤ ᠵᠡᠷᠭᠡ | ᠵᠠᠯᠭᠠᠮᠵᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠭᠤᠷᠪᠠ ᠳᠤ᠂ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ | |