ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/17
  5 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠣᠮᠠᠨᠳ᠋ᠯᠠᠭᠴᠢ ᠴᠧᠨ ᠯᠦ ᠱᠧᠩ ᠣᠷᠣᠯᠴᠠᠵᠠᠢ᠃  ᠬᠤᠷᠠᠯ ᠠᠴᠠ᠂ ᠣᠶᠢᠷ᠎ᠠ ᠶᠢᠨ ᠬᠡᠳᠦᠨ ᠵᠢᠯ ᠳᠤ ᠪᠦᠬᠦ ᠣᠷᠣᠨ ᠤ ᠣᠨᠴᠠᠭᠠᠢ ᠴᠠᠭ ᠠᠭᠤᠷ ᠣᠯᠠᠨᠲᠠ     ᠡᠭᠦᠰᠴᠦ᠂ ᠪᠦᠬᠦ ᠵᠢᠯ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠰᠤ ᠭᠠᠩ ᠭᠠᠩ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠡᠰᠡᠷᠭᠦᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠦᠶᠡᠷ ᠠᠴᠠ ᠡᠮᠦᠨᠡᠬᠢ ᠪᠡᠯᠡᠳᠬᠡᠯ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠨᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号