ᠤᠰᠤᠨ ᠠᠰᠢᠬᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ︽ᠰᠢ ᠶᠢᠨ ᠫᠢᠩ ᠤᠨ ᠵᠣᠬᠢᠶᠠᠯ ᠤᠨ ᠰᠤᠩᠭᠤᠮᠠᠯ︾ ᠶᠢ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2023/5/17
  5 ᠳ᠋ᠦ᠋ᠭᠡᠷ ᠰᠠᠷ᠎ᠠ ᠶᠢᠨ 17 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢᠨ ᠲᠣᠬᠢᠷᠠᠭᠤᠯᠤᠯᠲᠠ ᠶᠣᠰᠣᠭᠠᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠯᠲᠡᠰ ᠤᠨ ᠳᠠᠷᠤᠭ᠎ᠠ ᠯᠢ ᠭᠦᠸᠧ ᠶᠢᠩ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠰᠢ ᠶᠢᠨ ᠫᠢᠩ ᠤᠨ ᠵᠣᠬᠢᠶᠠᠯ ᠤᠨ ᠰᠤᠩᠭᠤᠮᠠᠯ ︾ ᠨᠢᠭᠡᠳᠦᠭᠡᠷ ᠪᠣᠲᠢ᠂ ᠬᠤᠶᠠᠳᠤᠭᠠᠷ ᠪᠣᠲᠢ ᠶᠢ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠪᠠ᠃ ᠲᠥᠪ ᠤᠨ ᠭᠤᠴᠢᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃  ᠬᠤᠷᠠᠯ ᠠᠴᠠ ᠱᠠᠭᠠᠷᠳᠤᠭᠰᠠᠨ ᠨᠢ ︽ᠰᠢ ᠶᠢᠨ ᠫᠢᠩ ᠤᠨ ᠵᠣᠬᠢᠶᠠᠯ  ᠤᠨ ᠰᠤᠩᠭᠤᠮᠠᠯ ︾ ᠶᠢ ᠴᠥᠬᠦᠷᠡᠰᠢ ᠦᠭᠡᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ᠂ ᠦᠢᠯᠡᠳᠦᠯᠭᠡ ᠶᠢᠨ ᠠᠤᠭ᠎ᠠ ᠬᠦᠴᠦᠨ᠂ ᠰᠢᠨᠵᠢᠯᠡᠬᠦ ᠤᠬᠠᠭᠠᠨ ᠤ ᠰᠢᠰᠲ᠋ᠧᠮ᠂ ᠦᠵᠡᠯ ᠰᠠᠨᠠᠭ᠎ᠠ ᠠᠷᠭ᠎ᠠ ᠶᠢ ᠭᠦᠨᠵᠡᠭᠡᠢ ᠣᠶᠢᠯᠠᠭᠠᠵᠤ᠂ ᠡᠷᠡᠰ ᠭᠤᠶᠢᠪᠢᠰᠢ ᠦᠭᠡᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠰᠤᠨ ᠠᠰᠢᠭᠯᠠᠯᠲᠠ ᠶᠢᠨ ᠦᠢᠯᠡᠰ ᠤᠨ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠡᠢ ᠃    ᠬᠤᠷᠠᠯ ᠠᠴᠠ ᠴᠢᠬᠤᠴᠢᠯᠠᠭᠰᠠᠨ ᠨᠢ ᠤᠨᠤᠯ ᠢ ᠪᠣᠳᠠᠲᠠᠢ ᠲᠠᠢ ᠤᠶᠠᠯᠳᠤᠭᠤᠯᠤᠭᠰᠠᠨ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠰᠢ ᠶᠢᠨ ᠫᠢᠩ ᠤᠨ ᠵᠣᠬᠢᠶᠠᠯ  ᠤᠨ ᠰᠤᠩᠭᠤᠮᠠᠯ ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠠᠴᠠ ᠨᠢ ᠴᠡᠭᠴᠡᠯᠡᠨ ᠵᠠᠰᠠᠵᠤ᠂ ᠦᠨᠳᠦᠰᠦ ᠶᠢ ᠨᠢ ᠪᠠᠬᠢᠵᠢᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠬᠠᠮᠰᠠᠷ ᠠᠴᠠ ᠪᠠᠨ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠵᠥᠪ ᠣᠨᠣᠪᠴᠢᠲᠠᠢ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠵᠤ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠬᠥᠭᠵᠢᠭᠦᠯᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号