ᠤᠰᠤᠨ ᠠᠰᠢᠭᠯᠠᠯᠲᠠ ᠶᠢᠨ ᠶᠠᠮᠤᠨ ᠠᠴᠠ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢᠨ ᠸᠢᠳᠢᠤ᠋ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/17
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ ᠶᠢ ᠲᠤᠭᠤᠰᠢᠯᠠᠭᠤᠯᠤᠨ᠂ ᠤᠰᠤᠨ ᠠᠰᠢᠭᠯᠠᠯᠲᠠ ᠶᠢᠨ ᠶᠠᠮᠤᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ︽ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 16 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠵᠤᠷᠭᠠᠨ ᠤ ᠬᠠᠮᠲᠤᠷᠠᠨ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ︵ᠳᠣᠷᠣᠭᠰᠢ ᠬᠠᠲᠤᠨ ᠭᠤᠣᠯ ᠤᠨ ᠵᠥᠪᠯᠡᠯ ᠭᠡᠵᠦ ᠲᠣᠪᠴᠢᠯᠠᠨ᠎ᠠ︶᠂ ᠬᠠᠲᠤᠨ ᠭᠤᠣᠯ ᠤᠨ ᠰᠠᠪᠠ ᠭᠠᠵᠠᠷ ᠤᠨ 9 ᠮᠤᠵᠢ ᠣᠷᠣᠨ ᠵᠢᠴᠢ ᠶᠠᠮᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠸᠢᠳᠢᠣ᠋ ᠶᠢᠨ ᠬᠡᠯᠪᠡᠷᠢ ᠪᠠᠷ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠠᠬᠢᠭᠤᠯᠪᠠ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠤᠰᠤᠨ ᠠᠰᠢᠭᠯᠠᠯᠲᠠ ᠶᠢᠨ ᠶᠠᠮᠤᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠬᠠᠮᠲᠤᠷᠠᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠶᠢ ᠲᠤᠭᠤᠰᠢᠯᠠᠭᠤᠯᠵᠤ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠪᠣᠳᠠᠲᠤ ᠠᠵᠢᠯᠯᠠᠭ᠎ᠠ ᠮᠥᠨ᠂ ᠬᠠᠤᠯᠢ ᠠᠴᠠ ᠵᠥᠷᠢᠴᠡᠨ ᠤᠰᠤ ᠲᠠᠲᠠᠭᠰᠠᠨ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠬᠦᠴᠦᠲᠡᠶ ᠠᠷᠭ᠎ᠠ ᠪᠠᠷᠢᠯ ᠮᠥᠨ᠃ ᠬᠤᠯᠪᠣᠭᠳᠠᠯ ᠪᠥᠬᠦᠶ ᠭᠠᠵᠠᠷ ᠣᠷᠣᠨ ᠪᠠ ᠨᠢᠭᠡᠴᠢ ᠶᠢᠨ ᠬᠢᠨ ᠲᠤᠰᠬᠠᠶ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ ᠬᠠᠮᠢᠶ᠎ᠠ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃  ᠬᠤᠷᠠᠯ ᠠᠴᠠ ᠱᠠᠭᠠᠷᠳᠠᠭᠰᠠᠨ ᠨᠢ᠂ ᠬᠠᠲᠤᠨ ᠭᠤᠤᠯ ᠤᠨ ᠰᠠᠪᠠ ᠭᠠᠵᠠᠷ ᠤᠨ 9 ᠮᠤᠵᠢ ᠣᠷᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠲᠤᠷᠠᠨ ᠪᠠᠶᠢᠴᠠᠭᠠᠬᠤ ᠪᠠᠶᠢᠭᠤᠯᠭ᠎ᠠ᠂ ᠭᠤᠤᠯ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠪᠠᠶᠢᠭᠤᠯᠵᠤ᠂ ᠲᠤᠰᠬᠠᠶ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠰᠠᠪᠠ ᠭᠠᠵᠠᠷ ᠤᠨ ᠬᠠᠤᠯᠢ ᠠᠴᠠ ᠵᠥᠷᠢᠴᠡᠨ ᠤᠰᠤ ᠠᠪᠤᠭᠰᠠᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠨᠠᠷᠢᠨ ᠲᠠᠩᠰᠠ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠳᠤᠷᠠᠳᠴᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠠᠷᠦ᠋ᠢᠬᠠᠨ ᠥᠭᠡᠷᠡᠴᠢᠯᠡᠵᠦ ᠪᠣᠯᠤᠨ᠎ᠠ᠂ ᠱᠠᠲᠤ ᠬᠤᠪᠢᠶᠠᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠣᠯ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠨᠢ ᠮᠠᠭᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠪᠠᠶᠢᠪᠠᠯ᠂ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠤᠰᠤ ᠠᠪᠬᠤ ᠶᠢ ᠬᠢᠨᠠᠨ ᠬᠡᠮᠵᠢᠬᠦ᠂ ᠤᠰᠤ ᠠᠪᠬᠤ ᠠᠮᠠᠰᠠᠷ ᠢ ᠵᠢᠷᠤᠮᠵᠢᠭᠤᠯᠤᠨ ᠬᠠᠮᠢᠶᠠᠷᠬᠤ᠂ ᠤᠰᠤ ᠠᠪᠴᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠢᠨᠲ᠋ᠧᠷ ᠰᠦᠯᠵᠢᠶ᠎ᠡ ᠪᠠᠷ ᠬᠢᠨᠠᠨ ᠬᠠᠮᠢᠶᠠᠷᠬᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠵᠡᠷᠭᠡ ᠲᠠᠯ᠎ᠠ ᠪᠠᠷ ᠤᠰᠤ ᠠᠪᠴᠤ ᠬᠡᠷᠡᠭᠯᠡᠬᠦ ᠶᠢ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃  ᠬᠤᠷᠠᠯ ᠠᠴᠠ ᠴᠢᠬᠤᠴᠢᠯᠠᠭᠰᠠᠨ ᠨᠢ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ ᠠᠴᠠ ᠣᠯᠭᠤᠭᠰᠠᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠭᠠᠨ ᠤ ᠲᠣᠭᠲᠠᠴᠠ ᠶᠢ ᠴᠢᠳᠠᠮᠠᠭᠠᠢ ᠬᠡᠷᠡᠭᠯᠡᠵᠦ ᠰᠠᠶᠢᠲᠤᠷ ᠬᠡᠷᠡᠭᠯᠡᠵᠦ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠲᠤᠰᠬᠠᠶ ᠠᠵᠢᠯᠯᠠᠭ᠎ᠠ ᠶᠢᠨ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠶ᠃ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠲᠤᠰᠬᠠᠶ ᠠᠵᠢᠯᠯᠠᠭ᠎ᠠ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠬᠠᠤᠯᠢ ᠶᠢ ᠵᠥᠷᠢᠴᠡᠬᠦ ᠶᠢ ᠰᠦᠷᠳᠡᠭᠦᠯᠬᠦ᠂ ᠬᠠᠤᠯᠢ ᠶᠢ ᠰᠠᠬᠢᠬᠤ ᠶᠢ ᠵᠣᠷᠢᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠭᠯᠠᠵᠤ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠶ ᠰᠠᠶᠢᠲᠤᠷ ᠬᠠᠮᠢᠶᠠᠷᠬᠤ ᠬᠡᠷᠡᠭᠲᠡᠢ᠃ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠷᠭ᠎ᠠ ᠵᠠᠮ ᠢ ᠪᠦᠷᠢᠨᠰᠢᠭᠦᠯᠵᠦ᠂ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃  ᠤᠰᠤᠨ ᠠᠰᠢᠬᠯᠠᠯᠳᠠ ᠶᠢᠨ ᠶᠠᠮᠤᠨ ᠤ ᠲᠦᠷᠤ ᠶᠢᠨ ᠪᠤᠳᠤᠯᠭ᠎ᠠ ᠬᠠᠤᠯᠢ ᠲᠦᠷᠢᠮ ᠤᠨ ᠵᠤᠷᠭᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠵᠤᠷᠭᠠᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠪ᠂ ᠬᠦᠭᠵᠢᠬᠦᠯᠤᠯᠳᠠ ᠶᠢᠨ ᠰᠤᠳᠤᠯᠭᠠᠨ ᠤ ᠲᠦᠪ᠂ ᠲᠤᠮᠳᠠᠳᠤ ᠤᠯᠤᠰ ᠤᠨ ᠤᠰᠤᠨ ᠠᠰᠢᠬᠯᠠᠯᠳᠠ ᠶᠢᠨ ᠰᠤᠨᠢᠨ ᠤ ᠬᠤᠷᠢᠶ᠎ᠠ ᠵᠢᠴᠢ ᠬᠠᠲᠤᠨ ᠭᠤᠣᠯ ᠤᠨ ᠵᠥᠪᠯᠡᠯ᠂ ᠬᠠᠳᠤᠨ ᠭᠤᠤᠯ ᠤᠨ ᠰᠠᠪᠠ ᠭᠠᠵᠠᠷ ᠤᠨ 9 ᠮᠤᠵᠢ ᠤᠷᠤᠨ ᠤ ᠤᠰᠤᠨ ᠠᠰᠢᠬᠯᠠᠯᠳᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠬᠤᠯᠪᠤᠭᠳᠠᠯ ᠪᠦᠬᠦᠢ ᠬᠦᠮᠤᠰ ᠬᠤᠷᠠᠯ ᠳᠤ ᠤᠷᠤᠯᠴᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号