ᠤᠰᠤᠨ ᠵᠦᠢ ᠤᠰᠤᠨ ᠤ ᠡᠬᠢ ᠪᠠᠶᠠᠯᠢᠭ ᠤᠨ ᠲᠥᠪ ᠪᠥᠬᠦ ᠣᠷᠣᠨ ᠤ ᠤᠰᠤᠨ ᠰᠢᠨᠵᠢᠯᠡᠭᠡ ᠶᠢᠨ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/5/17
  5 ᠳ᠋ᠤᠭᠠᠷ ᠰᠠᠷ᠎ᠠ ᠶᠢᠨ 11 ᠤ ᠡᠳᠦᠷ ᠠᠴᠠ 15 ᠤ ᠡᠳᠦᠷ ᠪᠣᠯᠲᠠᠯ᠎ᠠ᠂ ᠤᠰᠤᠨ ᠵᠦᠢ ᠤᠰᠤᠨ ᠤ ᠡᠬᠢ ᠪᠠᠶᠠᠯᠢᠭ ᠤᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠶ ᠵᠢᠶᠦ᠋ᠨ ᠪᠦᠯᠬᠦᠮ ᠳᠠᠭᠠᠭᠤᠯᠤᠨ ᠬᠢᠩᠭᠠᠨ᠂ ᠬᠥᠯᠥᠨ ᠪᠤᠶᠢᠷ᠂ ᠲᠦᠩᠯᠢᠶᠣᠤ ᠶᠢᠨ ᠤᠰᠤᠨ ᠰᠤᠷᠪᠤᠯᠵᠢ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ ᠲᠤ ᠬᠦᠷᠴᠦ᠂ ᠮᠠᠨ ᠤ ᠣᠷᠣᠨ ᠤ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠬᠢᠪᠠ᠃
自动化建设1.jpg
  ᠸᠠᠩ ᠬᠠᠶ ᠵᠢᠶᠦ᠋ᠨ ᠨᠡᠷ ᠤᠷᠢᠳ ᠬᠤᠵᠢᠳ ᠰᠣᠯᠤᠨ᠂ ᠪᠠ ᠾᠧᠦ ᠂ ᠲᠠᠢ ᠾᠧ ᠺᠸᠦ ᠵᠡᠷᠭᠡ 10 ᠤᠰᠤᠨ ᠰᠢᠨᠵᠢᠯᠡᠭᠡᠨ ᠤ ᠥᠷᠲᠡᠭᠡ ᠳᠤ ᠬᠦᠷᠴᠦ ᠤᠰᠤᠨ ᠰᠢᠨᠵᠢᠯᠡᠭᠡᠨ ᠤ ᠬᠢᠨᠠᠨ ᠬᠡᠮᠵᠢᠬᠦ ᠲᠥᠬᠦᠭᠡᠷᠦᠮᠵᠢ᠂ ᠬᠢᠨᠠᠨ ᠬᠡᠮᠵᠢᠬᠦ ᠠᠷᠭ᠎ᠠ ᠬᠡᠯᠪᠡᠷᠢ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠳᠠᠮᠵᠢᠭᠤᠯᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠦᠨᠳᠦᠰᠦᠨ ᠱᠠᠲᠤᠨ ᠤ ᠤᠰᠤᠨ ᠰᠢᠨᠵᠢᠯᠡᠭᠡᠨ ᠤ ᠠᠵᠢᠯᠲᠠᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠶᠢᠨ ᠬᠠᠮᠲᠤ ᠲᠣᠰ ᠲᠣᠰ ᠬᠠᠮᠢᠶ᠎ᠠ ᠪᠥᠬᠦᠶ ᠬᠤᠪᠢᠶᠠᠷᠢ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ ᠪᠠ ᠵᠠᠩᠭᠢᠯᠠᠭ᠎ᠠ ᠶᠢᠨ ᠺᠠᠳ᠋ᠷ ᠲᠠᠢ ᠨᠢᠭᠤᠷᠳᠠᠨ ᠶᠠᠷᠢᠯᠴᠠᠵᠤ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠳᠤᠲᠠᠭᠤᠳᠠᠯ ᠪᠠᠭᠤᠷᠠᠶ ᠲᠠᠯ᠎ᠠ ᠶᠢ ᠨᠠᠷᠢᠨ ᠣᠶᠢᠯᠠᠭᠠᠪᠠ᠃
自动化建设2.jpg
  ᠸᠠᠩ ᠬᠠᠢ ᠵᠢᠶᠦ᠋ᠨ ᠴᠢᠬᠤᠯᠠᠴᠢᠯᠠᠭᠰᠠᠨ ᠨᠢ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠪᠣᠯ ᠤᠰᠤᠨ ᠠᠰᠢᠭᠯᠠᠯᠲᠠ ᠶᠢᠨ ᠣᠳᠣᠬᠢᠴᠢᠯᠠᠯᠲᠠ ᠶᠢᠨ ᠰᠠᠭᠤᠷᠢ ᠪᠠ ᠲᠤᠯᠭᠠᠭᠤᠷᠢᠯᠠᠯ ᠮᠥᠨ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠡᠪᠡᠴᠦ ᠣᠳᠣᠬᠠᠨ ᠳᠤ᠂ ᠮᠠᠨ ᠤ ᠣᠷᠣᠨ ᠤ ᠤᠰᠤᠨ ᠵᠦᠢ ᠶᠢᠨ ᠰᠠᠭᠤᠷᠢ ᠪᠡᠯᠡᠳᠬᠡᠮᠵᠢ ᠨᠡᠯᠢᠶᠡᠳ ᠬᠤᠴᠣᠷᠤᠩᠭᠤᠶ ᠪᠠᠶᠢᠵᠤ᠂ ᠤᠰᠤᠨ ᠵᠦᠢ ᠶᠢᠨ ᠥᠷᠲᠡᠭᠡᠨ ᠲᠣᠤᠷ ᠤᠨ ᠪᠠᠶᠢᠷᠢᠯᠠᠭᠤᠯᠤᠯᠲᠠ ᠲᠡᠭᠦᠯᠳᠡᠷ ᠪᠤᠰᠤ ᠪᠠᠶᠢᠵᠤ᠂ ᠤᠰᠤᠨ ᠰᠢᠨᠵᠢᠯᠡᠭᠡ ᠶᠢᠨ ᠬᠢᠨᠠᠨ ᠬᠡᠮᠵᠢᠯᠲᠡ ᠶᠢᠨ ᠠᠦ᠋ᠲ᠋ᠣᠴᠢᠯᠠᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠪᠥᠬᠦ ᠣᠷᠣᠨ ᠤ ᠤᠰᠤᠨ ᠰᠢᠨᠵᠢᠯᠡᠭᠡᠨ ᠤ ᠰᠢᠰᠲ᠋ᠧᠮ ᠤᠨ ᠬᠢᠨ ᠤᠰᠤᠨ ᠰᠢᠨᠵᠢᠯᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠢᠴᠡᠳ ᠲᠠᠨᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠤᠰᠤᠨ ᠰᠢᠨᠵᠢᠯᠡᠭᠡᠨ ᠤ ᠠᠵᠢᠯ ᠤᠨ ᠬᠠᠷᠠᠯᠲᠠ ᠶᠢ ᠲᠣᠭᠲᠠᠭᠠᠵᠤ᠂ ᠣᠳᠣᠬᠠᠨ ᠤ ᠪᠣᠳᠠᠲᠠᠶ ᠳᠤ ᠰᠠᠭᠤᠷᠢᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠬᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ︽ᠰᠠᠭᠤᠭ᠎ᠠ ᠭᠠᠵᠠᠷ ᠲᠤ ᠰᠠᠭᠤᠵᠤ ᠲᠣᠭᠤᠷᠢᠨ ᠪᠠᠶᠢᠴᠠᠭᠠᠬᠤ ᠶᠢ ᠤᠶᠠᠯᠳᠤᠭᠤᠯᠵᠤ᠂ ᠲᠣᠭᠤᠷᠢᠨ ᠪᠠᠶᠢᠴᠠᠭᠠᠬᠤ ᠪᠠᠷ ᠭᠤᠣᠯ ᠪᠣᠯᠭᠠᠬᠤ︾ ᠤᠰᠤᠨ ᠰᠢᠨᠵᠢᠯᠡᠭᠡᠨ ᠤ ᠰᠢᠯᠭᠠᠨ ᠪᠠᠶᠢᠴᠠᠭᠠᠬᠤ ᠠᠷᠭ᠎ᠠ ᠬᠡᠯᠪᠡᠷᠢ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠵᠦ᠂ ᠬᠦᠴᠦᠨ ᠢᠶᠠᠨ ᠲᠥᠪᠯᠡᠷᠡᠭᠦᠯᠦᠨ ᠤᠰᠤᠨ ᠰᠢᠨᠵᠢᠯᠡᠭᠡᠨ ᠤ ᠲᠤᠭ᠎ᠠ ᠪᠠᠷᠢᠮᠲᠠ ᠶᠢ ᠨᠠᠷᠢᠯᠢᠭ ᠡᠳ᠋ᠰᠢᠭᠦᠯᠬᠦ ᠶᠢ ᠠᠬᠢᠭᠤᠯᠵᠤ᠂ ᠤᠰᠤᠨ ᠰᠢᠨᠵᠢᠯᠡᠭᠡᠨ ᠤ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠰᠤᠨ ᠰᠢᠨᠵᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠲᠥᠬᠦᠭᠡᠷᠦᠮᠵᠢ ᠶᠢᠨ ᠠᠵᠢᠯᠯᠠᠭᠠᠨ ᠤ ᠤᠷ᠎ᠠ ᠴᠢᠳᠠᠪᠤᠷᠢ᠂ ᠰᠢᠨ᠎ᠡ ᠮᠡᠷᠭᠡᠵᠢᠯ ᠤᠨ ᠠᠵᠢᠯ ᠤᠨ ᠦᠨᠳᠦᠰᠦᠯᠡᠯ ᠵᠡᠷᠭᠡ ᠪᠣᠯᠪᠠᠰᠤᠷᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠰᠤᠨ ᠰᠢᠨᠵᠢᠯᠡᠭᠡᠨ ᠤ ᠠᠵᠢᠯᠳᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃            ︵ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号