ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠬᠠᠮᠲᠤᠷᠠᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠳᠦᠷᠢᠮ ᠳᠤ ᠵᠠᠰᠠᠨ ᠨᠠᠶᠢᠷᠠᠭᠤᠯᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/19
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠤᠰᠤ ᠬᠠᠩᠭᠠᠬᠤ ᠲᠦᠷᠢᠮ︾ ᠢ ᠵᠠᠰᠠᠨ ᠨᠠᠶᠢᠷᠠᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 12 ᠤᠨ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ      ᠬᠥᠬᠡᠬᠤᠲᠠ᠂ ᠣᠷᠳᠣᠰ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃
供水条例修编调研.jpg
  ᠪᠠᠶᠢᠴᠠᠭᠠᠨ ᠰᠤᠳᠤᠯᠬᠤ ᠳᠤᠭᠤᠶᠢᠯᠠᠩ ᠨᠢ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ᠂ ᠤᠰᠤ ᠬᠠᠩᠭᠠᠬᠤ ᠤᠰᠤ ᠬᠡᠷᠡᠭᠯᠡᠬᠦ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠠᠵᠢᠯ ᠤᠨ ᠲᠣᠭᠤᠷᠢᠨ ᠳᠤ᠂ ᠦᠨᠳᠦᠰᠦᠨ ᠱᠠᠲᠤᠨ ᠤ ᠨᠢᠭᠡᠴᠢ ᠶᠢᠨ ᠰᠠᠨᠠᠯ᠂ ᠰᠠᠨᠠᠭᠤᠯᠭ᠎ᠠ ᠶᠢ ᠭᠦᠢᠴᠡᠳ ᠰᠣᠨᠣᠰᠴᠤ᠂ ︽ᠲᠦᠷᠢᠮ︾ ᠢ ᠵᠠᠰᠠᠨ ᠨᠠᠶᠢᠷᠠᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠪᠠ ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ︽ᠳᠦᠷᠢᠮ︾ ᠢ 2011 ᠣᠨ ᠤ 1 ᠳ᠋ᠦ᠋ᠭᠡᠷ ᠰᠠᠷ᠎ᠠ ᠳᠤ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠪᠣᠯᠪᠠᠴᠤ ᠪᠠᠶᠢᠳᠠᠯ ᠪᠠ ᠡᠭᠦᠷᠭᠡ ᠶᠢᠨ ᠬᠤᠪᠢᠷᠠᠯᠲᠠ ᠶᠢ      ᠳᠠᠭᠠᠯᠳᠤᠨ᠂ ︽ᠳᠦᠷᠢᠮ︾ ᠤᠨ ᠬᠡᠰᠡᠭ ᠠᠭᠤᠯᠭ᠎ᠠ ᠨᠢ ᠣᠳᠣᠬᠢ ᠱᠠᠲᠤᠨ ᠤ ᠠᠵᠢᠯ ᠲᠠᠢ ᠨᠢᠭᠡᠨᠲᠡ ᠲᠣᠬᠢᠷᠠᠯᠴᠠᠬᠤ ᠦᠭᠡᠶ ᠪᠣᠯᠤᠭᠰᠠᠨ ᠪᠠᠶᠢᠨ᠎ᠠ᠃ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠤᠰᠤ ᠬᠠᠩᠭᠠᠬᠤ ᠤᠰᠤ ᠬᠡᠷᠡᠭᠯᠡᠬᠦ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠶᠢᠨ ᠲᠥᠯᠥᠭᠡ᠂ ︽ᠲᠦᠷᠢᠮ︾ ᠳᠤ ᠵᠠᠰᠠᠪᠤᠷᠢ ᠤᠷᠤᠭᠤᠯᠵᠤ ᠨᠠᠶᠢᠷᠠᠭᠤᠯᠬᠤ ᠠᠵᠢᠯ ᠲᠦᠢᠯ ᠤᠨ ᠴᠢᠬᠤᠯᠠ ᠶᠤᠮ᠃  ᠲᠠᠷᠠᠭᠠᠴᠢ ᠶᠢᠨ ᠠᠯᠬᠤᠮ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨᠳᠦᠰᠦᠨ ᠱᠠᠲᠤᠨ ᠤ ᠰᠠᠨᠠᠯ ᠢ ᠪᠦᠲᠦᠮᠵᠢᠲᠡᠶ ᠭᠥᠯᠢᠶᠡᠨ ᠠᠪᠴᠤ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠤ ᠰᠠᠨᠠᠭᠤᠯᠭ᠎ᠠ ᠶᠢ ᠢᠳᠡᠪᠬᠢᠲᠡᠶ ᠬᠤᠷᠢᠶᠠᠵᠤ᠂ ︽ᠲᠦᠷᠢᠮ︾ ᠤᠨ ᠠᠭᠤᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠠᠵᠢᠯ ᠳᠤ ᠬᠠᠲᠠᠭᠤ ᠬᠢᠵᠠᠭᠠᠷᠯᠠᠯ ᠪᠠ ᠲᠦᠷᠢᠮ ᠤᠨ ᠪᠠᠲᠤᠯᠠᠭ᠎ᠠ ᠬᠠᠩᠭᠠᠵᠤ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠨ᠎ᠠ᠃  ᠬᠥᠬᠡᠬᠤᠲᠠ᠂ ᠣᠷᠳᠣᠰ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠶᠢᠨ ᠬᠤᠯᠪᠣᠭᠳᠠᠯ ᠪᠥᠬᠦᠶ ᠬᠤᠰᠢᠭᠤ ᠰᠢᠶᠠᠨ ᠤ ᠤᠰᠤᠨ ᠤ ᠵᠠᠰᠠᠭ ᠵᠠᠬᠢᠷᠭᠠᠨ᠂ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠤᠰᠤ ᠬᠠᠩᠭᠠᠬᠤ ᠨᠢᠭᠡᠴᠢ ᠶᠢᠨ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃              ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ‍ᠤᠨ‌‍ᠲ᠋ᠠᠷᠢᠶᠠᠯᠠᠩ ᠮᠠᠯ ᠠᠵᠤ ᠠᠬᠤᠢ ᠶᠢᠨ ᠭᠠᠵᠠᠷ            ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠦᠭᠵᠢᠯᠲᠡ ᠶᠢᠨ ᠲᠥᠪᠲᠠᠷᠢᠶᠠᠯᠠᠬᠤ ᠮᠠᠯᠵᠢᠬᠤ ᠤᠷᠤᠨ ᠤ ᠤᠰᠤ ᠬᠠᠩᠭᠠᠬᠤ ᠶᠠᠮᠤᠨ ᠡᠬᠡ ᠪᠢᠴᠢᠭ ᠬᠠᠩᠭᠠᠪᠠ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号