ᠬᠡᠯᠲᠡᠰ ᠤᠨ ᠳᠠᠷᠤᠭ᠎ᠠ ᠯᠢ ᠭᠦᠸᠧ ᠶᠢᠩ ᠠᠴᠠ ᠶᠦᠨᠨᠠᠨ ᠤ ᠶᠤᠸ᠋ᠨᠮᠡᠸᠤ ᠤᠨ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ | ᠣᠷᠣᠨ ᠤ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠡᠭ ᠤᠨ ᠠᠵᠢᠯ ᠢ ᠠᠬᠢᠭᠤᠯᠵᠤ᠂ 5 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠪᠠᠶᠢᠴᠠᠭᠠᠨ ᠰᠤᠳᠤᠯᠬᠤ ᠳᠤᠭᠤᠶᠢᠯᠠᠩ ᠲᠣᠮᠢᠯᠠᠨ ᠪᠣᠷᠣᠲᠣᠬᠤᠢ ᠶᠢᠨ ᠤᠰᠤᠯᠠᠯᠲᠠ ᠶᠢᠨ | ᠣᠷᠣᠨ ᠤ ᠶᠦᠩ ᠵᠢᠢ ᠤᠰᠤᠯᠠᠯᠲᠠ ᠶᠢᠨ ᠣᠷᠣᠨ ᠳᠤ ᠬᠦᠷᠴᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ | ᠥᠷᠨᠢᠭᠦᠯᠪᠡ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠦᠩ ᠵᠢᠢ ᠤᠰᠤᠯᠠᠯᠲᠠ ᠶᠢᠨ ᠣᠷᠣᠨ ᠤ ᠪᠠᠷᠠᠭᠤᠨ ᠰᠤᠪᠠᠭ | ᠰᠠᠯᠪᠤᠷᠢ ᠰᠤᠪᠠᠭ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ | ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠪᠣᠯᠤᠨ ᠶᠡᠷᠦᠩᠬᠡᠢ ᠰᠡᠳᠬᠢᠴᠡ ᠶᠢ ᠣᠶᠢᠯᠠᠭᠠᠵᠤ᠂ | ᠳᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠥᠷᠨᠢᠭᠦᠯᠬᠦ ᠲᠤᠬᠠᠢ ᠰᠠᠨᠠᠭᠤᠯᠭ᠎ᠠ ᠳᠤᠷᠠᠳᠴᠠᠢ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ | ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ | ᠤᠰᠤ ᠶᠢ ᠵᠠᠰᠠᠬᠤ ᠰᠡᠳᠬᠢᠴᠡ ᠶᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠳᠤ ᠠᠰᠢᠭᠲᠠᠢ᠂ ᠤᠰᠤᠯᠠᠯᠲᠠ ᠶᠢᠨ ᠣᠷᠣᠨ ᠤ ᠦᠷᠭᠦᠯᠵᠢᠯᠡᠬᠦ | ᠬᠥᠭᠵᠢᠯᠲᠡ ᠳᠤ ᠠᠰᠢᠭᠲᠠᠢ ᠪᠠ ᠰᠠᠶᠢᠨ ᠠᠵᠢᠯᠯᠠᠭᠠᠨ᠂ ᠨᠡᠶᠢᠭᠡᠮ ᠤᠨ ᠬᠥᠷᠥᠩᠭᠡ ᠶᠢ ᠲᠠᠲᠠᠵᠤ ᠣᠳᠣᠬᠢᠴᠢᠯᠠᠭᠰᠠᠨ | ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠭᠤᠯᠬᠤ᠂ ᠶᠡᠷᠦᠩᠬᠡᠢ ᠳᠡᠭᠡᠨ ᠲᠠᠷᠢᠶᠠᠴᠢᠳ ᠤᠨ | ᠠᠮᠤ ᠪᠤᠳᠠᠭ᠎ᠠ ᠲᠠᠷᠢᠬᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠵᠠᠷᠴᠢᠮ ᠢ ᠪᠠᠲᠤ ᠡᠵᠡᠮᠳᠡᠵᠦ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ︽ᠵᠠᠩᠭᠢᠯᠠᠭ᠎ᠠ︾ ᠶᠢ ᠠᠳᠬᠤᠵᠤ᠂ | ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠪᠦᠬᠦ | ᠲᠠᠯ᠎ᠠ ᠶᠢ ᠥᠷᠭᠡᠳᠬᠡᠨ᠂ ᠪᠦᠬᠦ ᠲᠠᠯ᠎ᠠ ᠪᠠᠷ ᠴᠡᠴᠡᠭᠯᠡᠵᠦ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠬᠤ ᠵᠠᠭᠪᠤᠷ ᠢ ᠢᠳᠡᠪᠬᠢᠲᠡᠢ ᠡᠭᠦᠳᠴᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠤᠰᠤᠨ ᠠᠰᠢᠭᠯᠠᠯᠲᠠ ᠶᠢᠨ | ᠬᠤᠪᠢ ᠨᠡᠮᠡᠷᠢ ᠦᠵᠡᠭᠦᠯᠦᠨ᠎ᠡ᠃ | | |